ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/8/6
     ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠦᠷᠭᠡᠨ ᠠᠪᠤᠷᠠᠬᠤ ᠦᠨᠳᠦᠰᠦᠨ ᠠᠵᠢᠯᠯᠠᠭᠠᠨ ᠤ ᠮᠡᠷᠭᠡᠵᠢᠯ ᠴᠢᠳᠠᠪᠤᠷᠢ ᠶᠢ ᠡᠵᠡᠮᠰᠢᠬᠦ ᠶᠢᠨ ᠲᠥᠯᠥᠭᠡ᠃ ᠣᠶᠢᠷ᠎ᠠ ᠳᠤ᠂ ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠠᠰᠠᠭ ᠤᠨ ᠶᠠᠪᠤᠳᠠᠯ ᠤᠨ ᠶᠡᠭᠡ ᠲᠢᠩᠬᠢᠮ᠂ ᠰᠢᠩ ᠴᠠᠩ ᠨᠡᠶᠢᠭᠡᠮ ᠲᠣᠭᠤᠷᠢᠭ᠂ ᠰᠢᠩ ᠹᠠ ᠨᠡᠶᠢᠭᠡᠮ ᠲᠣᠭᠤᠷᠢᠭ᠂ ᠰᠠᠨ ᠷᠦᠢ ᠯᠢ ᠲᠦᠭᠡᠮᠡᠯ ᠬᠠᠶᠢᠷ᠎ᠠ ᠶᠢᠨ ᠬᠡᠷ ᠣᠷᠣᠨ ᠤ ᠲᠥᠷᠥᠯ ᠵᠦᠢᠯ ᠤᠨ ᠭᠠᠵᠠᠷ ᠲᠤ ᠲᠣᠰ ᠲᠣᠰ ᠤᠯᠠᠭᠠᠨ ᠵᠠᠭᠠᠯᠮᠠᠶᠢᠲᠠᠨ ᠤ ᠠᠩᠬ᠎ᠠ ᠵᠡᠷᠭᠡ ᠶᠢᠨ ᠠᠪᠤᠷᠠᠨ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠳᠤ ᠣᠨᠣᠯ ᠤᠨ ᠬᠢᠴᠢᠶᠡᠯ᠂ ᠪᠣᠳᠠᠲᠤ ᠪᠣᠯᠪᠠᠰᠤᠷᠠᠯ ᠤᠨ ᠪᠣᠯᠪᠠᠰᠤᠷᠠᠯ ᠪᠠ ᠲᠤᠬᠠᠶ ᠶᠢᠨ ᠲᠠᠯᠠᠪᠤᠷ ᠤᠨ ᠬᠢᠨᠠᠨ ᠰᠢᠯᠭᠠᠯᠲᠠ ᠵᠡᠷᠭᠡ ᠭᠤᠷᠪᠠᠨ ᠶᠡᠭᠡ ᠭᠤᠭᠴᠤᠭ᠎ᠠ ᠶᠢ ᠬᠠᠮᠤᠷᠴᠠᠶ᠃ ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠤᠰᠬᠠᠶ ᠮᠡᠷᠭᠡᠵᠢᠯ ᠤᠨ ᠠᠪᠤᠷᠠᠨ ᠲᠤᠰᠠᠯᠠᠬᠤ ᠪᠣᠯᠪᠠᠰᠤᠷᠠᠭᠤᠯᠤᠭᠴᠢ ᠤᠯᠠᠭᠠᠨ ᠵᠠᠭᠠᠯᠮᠠᠶᠢᠲᠠᠨ ᠤ ᠬᠥᠳᠡᠯᠭᠡᠭᠡᠨ ᠪᠠ ᠠᠪᠤᠷᠠᠨ ᠲᠤᠰᠠᠯᠠᠬᠤ ᠰᠢᠨ᠎ᠡ ᠤᠬᠠᠭᠳᠠᠬᠤᠨ᠂ ᠵᠢᠷᠦᠬᠡ ᠠᠭᠤᠰᠬᠢᠨ ᠤ ᠰᠡᠷᠭᠦᠭᠡᠯᠲᠡ ᠶᠢᠨ ᠡᠷᠳᠡᠮ ᠪᠠ ᠪᠡᠶ᠎ᠡ ᠶᠢᠨ ᠭᠠᠳᠠᠨᠠᠬᠢ ᠴᠡᠴᠡᠷᠡᠬᠦ ᠶᠢ ᠠᠷᠢᠯᠭᠠᠬᠤ ᠠᠦ᠋ᠲ᠋ᠣ᠋ ︵AED︶᠎ ᠶᠢ ᠬᠡᠷᠡᠭᠯᠡᠬᠦ ᠠᠷᠭ᠎ᠠ᠂ ᠠᠮᠢᠰᠬᠤᠯ ᠤᠨ ᠵᠠᠮ ᠤᠨ ᠣᠨᠳᠣᠤ ᠪᠣᠳᠠᠰ ᠢ ᠰᠢᠢᠳᠪᠦᠷᠢᠯᠡᠬᠦ ᠵᠡᠷᠭᠡ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠪᠠ ᠤᠷ᠎ᠠ ᠴᠢᠳᠠᠪᠤᠷᠢ ᠶᠢᠨ ᠲᠣᠭᠤᠷᠢᠨ ᠳᠤ ᠪᠥᠬᠦ ᠲᠠᠯ᠎ᠠ ᠪᠠᠷ ᠨᠠᠷᠢᠨ ᠲᠠᠶᠢᠯᠪᠤᠷᠢᠯᠠᠯᠲᠠ ᠪᠠ ᠠᠵᠢᠯᠯᠠᠭᠠᠨ ᠤ ᠰᠣᠷᠢᠯᠲᠠ ᠬᠢᠪᠠ᠃      ᠪᠣᠯᠪᠠᠰᠤᠷᠠᠭᠤᠯᠤᠭᠴᠢ ᠥᠪᠡᠷ ᠤᠨ ᠪᠡᠶ᠎ᠡ ᠪᠠᠷ ᠢᠶᠠᠨ ᠵᠢᠱᠢᠶ᠎ᠡ ᠦᠵᠡᠭᠦᠯᠵᠦ᠂ ᠦᠵᠡᠭᠦᠯᠦᠨ ᠠᠪᠤᠷᠠᠬᠤ ᠪᠥᠬᠦ ᠶᠠᠪᠤᠴᠠ ᠶᠢ ᠲᠣᠳᠣᠷᠬᠠᠶ ᠪᠣᠯᠭᠠᠬᠤ ᠶᠢᠨ ᠬᠠᠮᠲᠤ ᠰᠤᠷᠤᠭᠴᠢᠳ ᠲᠤ ᠳᠤᠭᠤᠶᠢᠯᠠᠩ ᠬᠤᠪᠢᠶᠠᠨ ᠵᠢᠭᠠᠨ ᠰᠤᠷᠭᠠᠯᠲᠠ ᠬᠢᠵᠦ᠂ ᠰᠤᠷᠤᠭᠴᠢᠳ ᠢ ᠵᠢᠯᠣᠭᠤᠳᠤᠨ ᠵᠢᠷᠦᠬᠡ ᠠᠭᠤᠰᠬᠢᠨ ᠤ ᠰᠡᠷᠭᠦᠭᠡᠯᠲᠡ ᠶᠢᠨ ᠬᠥᠳᠡᠯᠭᠡᠭᠡᠨ ᠤ ᠵᠠᠭᠪᠤᠷ ᠢ ᠠᠯᠬᠤᠮ ᠳᠠᠷᠠᠭ᠎ᠠ ᠲᠠᠢ ᠪᠠᠷ ᠠᠵᠢᠯᠯᠠᠭᠤᠯᠵᠤ᠂ ᠰᠤᠷᠤᠭᠴᠢᠳ ᠤᠨ ᠪᠤᠷᠤᠭᠤ ᠠᠵᠢᠯᠯᠠᠭ᠎ᠠ ᠶᠢ ᠵᠠᠯᠠᠷᠠᠭᠤᠯᠪᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠣᠨᠣᠯ ᠤᠨ ᠰᠢᠯᠭᠠᠯᠲᠠ ᠪᠠ ᠪᠣᠳᠠᠲᠠᠶ ᠪᠣᠯᠪᠠᠰᠤᠷᠠᠯ ᠢᠶᠠᠷ ᠳᠡᠮᠵᠢᠨ᠂ ᠴᠥᠮ ︽ᠤᠯᠠᠭᠠᠨ ᠵᠠᠭᠠᠯᠮᠠᠶᠢᠲᠠᠨ ᠤ ᠠᠪᠤᠷᠠᠨ ᠲᠤᠰᠠᠯᠠᠭᠴᠢ ︵ᠠᠩᠬ᠎ᠠ ᠵᠡᠷᠭᠡ︶᠎ ᠶᠢᠨ ᠦᠨᠡᠮᠯᠡᠯ︾᠎ ᠢ ᠣᠯᠤᠭᠰᠠᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠦᠵᠡᠯ ᠰᠠᠨᠠᠭ᠎ᠠ ᠣᠶᠢᠯᠠᠭᠠᠭᠳᠠᠬᠤᠨ ᠢ ᠪᠣᠶ ᠪᠣᠯᠭᠠᠵᠤ᠂ ᠵᠢᠷᠦᠬᠡ ᠠᠭᠤᠰᠬᠢᠨ ᠤ ᠰᠡᠷᠭᠦᠭᠡᠯᠲᠡ ᠂ ᠠᠮᠢᠰᠬᠤᠯ ᠤᠨ ᠵᠠᠮ ᠤᠨ ᠣᠨᠳᠣᠤ ᠪᠣᠳᠠᠰ ᠤᠨ ᠲᠦᠭᠵᠢᠷᠡᠯ ᠵᠡᠷᠭᠡ ᠦᠨᠳᠦᠰᠦᠨ ᠲᠦᠷᠭᠡᠨ ᠠᠪᠤᠷᠠᠯᠲᠠ ᠶᠢᠨ ᠤᠷ᠎ᠠ ᠴᠢᠳᠠᠪᠤᠷᠢ ᠶᠢ ᠡᠵᠡᠮᠰᠢᠵᠦ᠂ ᠰᠠᠨᠠᠭᠠᠨ ᠳᠤ ᠥᠬᠡᠶ ᠠᠳᠡᠯ ᠭᠠᠷᠬᠤ ᠦᠶ᠎ᠡ ᠶᠢᠨ ᠪᠠᠴᠢᠮ ᠪᠠᠶᠢᠳᠠᠯ ᠢ ᠰᠢᠢᠳᠪᠦᠷᠢᠯᠡᠬᠦ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3