ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠣᠯᠠᠨ | ᠲᠦᠮᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠦᠷᠭᠡᠨ ᠠᠪᠤᠷᠠᠬᠤ | ᠦᠨᠳᠦᠰᠦᠨ ᠠᠵᠢᠯᠯᠠᠭᠠᠨ ᠤ ᠮᠡᠷᠭᠡᠵᠢᠯ ᠴᠢᠳᠠᠪᠤᠷᠢ ᠶᠢ ᠡᠵᠡᠮᠰᠢᠬᠦ ᠶᠢᠨ ᠲᠥᠯᠥᠭᠡ᠃ ᠣᠶᠢᠷ᠎ᠠ ᠳᠤ᠂ ᠰᠢᠩ ᠾᠧ | ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠠᠰᠠᠭ ᠤᠨ ᠶᠠᠪᠤᠳᠠᠯ ᠤᠨ ᠶᠡᠭᠡ ᠲᠢᠩᠬᠢᠮ᠂ ᠰᠢᠩ ᠴᠠᠩ ᠨᠡᠶᠢᠭᠡᠮ | ᠲᠣᠭᠤᠷᠢᠭ᠂ ᠰᠢᠩ ᠹᠠ ᠨᠡᠶᠢᠭᠡᠮ ᠲᠣᠭᠤᠷᠢᠭ᠂ ᠰᠠᠨ ᠷᠦᠢ ᠯᠢ ᠲᠦᠭᠡᠮᠡᠯ ᠬᠠᠶᠢᠷ᠎ᠠ ᠶᠢᠨ ᠬᠡᠷ ᠣᠷᠣᠨ ᠤ ᠲᠥᠷᠥᠯ | ᠵᠦᠢᠯ ᠤᠨ ᠭᠠᠵᠠᠷ ᠲᠤ ᠲᠣᠰ ᠲᠣᠰ ᠤᠯᠠᠭᠠᠨ ᠵᠠᠭᠠᠯᠮᠠᠶᠢᠲᠠᠨ ᠤ ᠠᠩᠬ᠎ᠠ ᠵᠡᠷᠭᠡ ᠶᠢᠨ ᠠᠪᠤᠷᠠᠨ ᠲᠤᠰᠠᠯᠠᠭᠴᠢ ᠶᠢᠨ | ᠪᠣᠯᠪᠠᠰᠤᠷᠠᠯ ᠤᠨ ᠠᠩᠭᠢ ᠡᠷᠭᠢᠯᠡᠪᠡ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠳᠤ ᠣᠨᠣᠯ ᠤᠨ ᠬᠢᠴᠢᠶᠡᠯ᠂ ᠪᠣᠳᠠᠲᠤ ᠪᠣᠯᠪᠠᠰᠤᠷᠠᠯ ᠤᠨ | ᠪᠣᠯᠪᠠᠰᠤᠷᠠᠯ ᠪᠠ ᠲᠤᠬᠠᠶ ᠶᠢᠨ ᠲᠠᠯᠠᠪᠤᠷ ᠤᠨ ᠬᠢᠨᠠᠨ ᠰᠢᠯᠭᠠᠯᠲᠠ ᠵᠡᠷᠭᠡ ᠭᠤᠷᠪᠠᠨ ᠶᠡᠭᠡ ᠭᠤᠭᠴᠤᠭ᠎ᠠ ᠶᠢ ᠬᠠᠮᠤᠷᠴᠠᠶ᠃ | ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠤᠰᠬᠠᠶ ᠮᠡᠷᠭᠡᠵᠢᠯ ᠤᠨ ᠠᠪᠤᠷᠠᠨ ᠲᠤᠰᠠᠯᠠᠬᠤ | ᠪᠣᠯᠪᠠᠰᠤᠷᠠᠭᠤᠯᠤᠭᠴᠢ ᠤᠯᠠᠭᠠᠨ ᠵᠠᠭᠠᠯᠮᠠᠶᠢᠲᠠᠨ ᠤ ᠬᠥᠳᠡᠯᠭᠡᠭᠡᠨ ᠪᠠ ᠠᠪᠤᠷᠠᠨ ᠲᠤᠰᠠᠯᠠᠬᠤ ᠰᠢᠨ᠎ᠡ ᠤᠬᠠᠭᠳᠠᠬᠤᠨ᠂ | ᠵᠢᠷᠦᠬᠡ ᠠᠭᠤᠰᠬᠢᠨ ᠤ ᠰᠡᠷᠭᠦᠭᠡᠯᠲᠡ ᠶᠢᠨ ᠡᠷᠳᠡᠮ ᠪᠠ ᠪᠡᠶ᠎ᠡ ᠶᠢᠨ ᠭᠠᠳᠠᠨᠠᠬᠢ ᠴᠡᠴᠡᠷᠡᠬᠦ ᠶᠢ ᠠᠷᠢᠯᠭᠠᠬᠤ ᠠᠦ᠋ᠲ᠋ᠣ᠋ ︵ | AED︶ ᠶᠢ ᠬᠡᠷᠡᠭᠯᠡᠬᠦ ᠠᠷᠭ᠎ᠠ᠂ ᠠᠮᠢᠰᠬᠤᠯ ᠤᠨ ᠵᠠᠮ ᠤᠨ ᠣᠨᠳᠣᠤ ᠪᠣᠳᠠᠰ ᠢ ᠰᠢᠢᠳᠪᠦᠷᠢᠯᠡᠬᠦ ᠵᠡᠷᠭᠡ ᠲᠠᠯ᠎ᠠ ᠶᠢᠨ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠪᠠ ᠤᠷ᠎ᠠ ᠴᠢᠳᠠᠪᠤᠷᠢ ᠶᠢᠨ ᠲᠣᠭᠤᠷᠢᠨ ᠳᠤ ᠪᠥᠬᠦ | ᠲᠠᠯ᠎ᠠ ᠪᠠᠷ ᠨᠠᠷᠢᠨ ᠲᠠᠶᠢᠯᠪᠤᠷᠢᠯᠠᠯᠲᠠ ᠪᠠ ᠠᠵᠢᠯᠯᠠᠭᠠᠨ ᠤ ᠰᠣᠷᠢᠯᠲᠠ ᠬᠢᠪᠠ᠃ | ᠪᠣᠯᠪᠠᠰᠤᠷᠠᠭᠤᠯᠤᠭᠴᠢ ᠥᠪᠡᠷ ᠤᠨ ᠪᠡᠶ᠎ᠡ ᠪᠠᠷ ᠢᠶᠠᠨ ᠵᠢᠱᠢᠶ᠎ᠡ ᠦᠵᠡᠭᠦᠯᠵᠦ᠂ ᠦᠵᠡᠭᠦᠯᠦᠨ ᠠᠪᠤᠷᠠᠬᠤ ᠪᠥᠬᠦ | ᠶᠠᠪᠤᠴᠠ ᠶᠢ ᠲᠣᠳᠣᠷᠬᠠᠶ ᠪᠣᠯᠭᠠᠬᠤ ᠶᠢᠨ ᠬᠠᠮᠲᠤ ᠰᠤᠷᠤᠭᠴᠢᠳ ᠲᠤ ᠳᠤᠭᠤᠶᠢᠯᠠᠩ ᠬᠤᠪᠢᠶᠠᠨ ᠵᠢᠭᠠᠨ ᠰᠤᠷᠭᠠᠯᠲᠠ | ᠬᠢᠵᠦ᠂ ᠰᠤᠷᠤᠭᠴᠢᠳ ᠢ ᠵᠢᠯᠣᠭᠤᠳᠤᠨ ᠵᠢᠷᠦᠬᠡ ᠠᠭᠤᠰᠬᠢᠨ ᠤ ᠰᠡᠷᠭᠦᠭᠡᠯᠲᠡ ᠶᠢᠨ ᠬᠥᠳᠡᠯᠭᠡᠭᠡᠨ ᠤ ᠵᠠᠭᠪᠤᠷ ᠢ | ᠠᠯᠬᠤᠮ ᠳᠠᠷᠠᠭ᠎ᠠ ᠲᠠᠢ ᠪᠠᠷ ᠠᠵᠢᠯᠯᠠᠭᠤᠯᠵᠤ᠂ ᠰᠤᠷᠤᠭᠴᠢᠳ ᠤᠨ ᠪᠤᠷᠤᠭᠤ ᠠᠵᠢᠯᠯᠠᠭ᠎ᠠ ᠶᠢ ᠵᠠᠯᠠᠷᠠᠭᠤᠯᠪᠠ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠣᠨᠣᠯ ᠤᠨ | ᠰᠢᠯᠭᠠᠯᠲᠠ ᠪᠠ ᠪᠣᠳᠠᠲᠠᠶ ᠪᠣᠯᠪᠠᠰᠤᠷᠠᠯ ᠢᠶᠠᠷ ᠳᠡᠮᠵᠢᠨ᠂ ᠴᠥᠮ ︽ᠤᠯᠠᠭᠠᠨ ᠵᠠᠭᠠᠯᠮᠠᠶᠢᠲᠠᠨ ᠤ ᠠᠪᠤᠷᠠᠨ ᠲᠤᠰᠠᠯᠠᠭᠴᠢ | ︵ᠠᠩᠬ᠎ᠠ ᠵᠡᠷᠭᠡ︶ ᠶᠢᠨ ᠦᠨᠡᠮᠯᠡᠯ︾ ᠢ ᠣᠯᠤᠭᠰᠠᠨ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠠᠮᠤᠷ ᠲᠦᠪᠰᠢᠨ ᠢ | ᠲᠡᠷᠢᠭᠦᠨ ᠳᠤ ᠲᠠᠯᠪᠢᠬᠤ ᠦᠵᠡᠯ ᠰᠠᠨᠠᠭ᠎ᠠ ᠣᠶᠢᠯᠠᠭᠠᠭᠳᠠᠬᠤᠨ ᠢ ᠪᠣᠶ ᠪᠣᠯᠭᠠᠵᠤ᠂ ᠵᠢᠷᠦᠬᠡ ᠠᠭᠤᠰᠬᠢᠨ ᠤ ᠰᠡᠷᠭᠦᠭᠡᠯᠲᠡ | ᠂ ᠠᠮᠢᠰᠬᠤᠯ ᠤᠨ ᠵᠠᠮ ᠤᠨ ᠣᠨᠳᠣᠤ ᠪᠣᠳᠠᠰ ᠤᠨ ᠲᠦᠭᠵᠢᠷᠡᠯ ᠵᠡᠷᠭᠡ ᠦᠨᠳᠦᠰᠦᠨ ᠲᠦᠷᠭᠡᠨ ᠠᠪᠤᠷᠠᠯᠲᠠ ᠶᠢᠨ ᠤᠷ᠎ᠠ | ᠴᠢᠳᠠᠪᠤᠷᠢ ᠶᠢ ᠡᠵᠡᠮᠰᠢᠵᠦ᠂ ᠰᠠᠨᠠᠭᠠᠨ ᠳᠤ ᠥᠬᠡᠶ ᠠᠳᠡᠯ ᠭᠠᠷᠬᠤ ᠦᠶ᠎ᠡ ᠶᠢᠨ ᠪᠠᠴᠢᠮ ᠪᠠᠶᠢᠳᠠᠯ ᠢ ᠰᠢᠢᠳᠪᠦᠷᠢᠯᠡᠬᠦ | ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |