ᠰᠢᠩ ᠾᠧ ᠰᠢᠶᠠᠨ ᠪᠣᠯᠤᠨ ᠭᠤᠸᠠᠩ ᠹᠠ ᠲᠡᠮᠳᠡᠭᠲᠦ ᠲᠠᠷᠬᠠᠭᠠᠵᠤ ᠶᠠᠳᠠᠭᠤ ᠶᠢ ᠲᠡᠳᠬᠦᠬᠦ ᠭᠡᠷ᠎ᠡ ᠲᠣᠭᠲᠠᠬᠤ ᠶᠣᠰᠣᠯᠠᠯ᠂ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/9
     8 ᠰᠠᠷ᠎ᠠ ᠶᠢᠨ 8᠎ ᠤ ᠡᠳᠦᠷ᠂ ᠰᠢᠩ ᠾᠧ ᠰᠢᠶᠠᠨ ᠪᠣᠯᠤᠨ ᠭᠤᠸᠠᠩ ᠹᠠ ᠲᠡᠮᠳᠡᠭᠲᠦ ᠶᠠᠷᠢᠯᠴᠠᠬᠤ ᠬᠤᠷᠠᠯ ᠬᠢᠬᠦ ᠶᠢᠨ ᠬᠠᠮᠲᠤ ︽ᠨᠢᠭᠡ ᠵᠤᠷᠭᠠᠨ ᠨᠢᠭᠡ ᠰᠢᠶᠠᠨ︾᠎ ᠤ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠭᠡᠷ᠎ᠡ ᠲᠣᠭᠲᠠᠬᠤ ᠶᠣᠰᠣᠯᠠᠯ᠂ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ ᠶᠣᠰᠣᠯᠠᠯ ᠶᠠᠪᠤᠭᠤᠯᠪᠠ᠃ ᠰᠢᠶᠠᠨ ᠤ ᠤᠳᠤᠷᠢᠳᠤᠯᠭ᠎ᠠ ᠹᠦ᠋ ᠬᠠᠢ ᠶᠠᠨ᠂ ᠫᠠᠨ ᠸᠧᠨ᠂ ᠸᠠᠩ ᠵᠧᠩ ᠢ᠂ ᠵᠤᠤ ᠬᠤᠢ ᠵᠢᠤᠢ᠂ ᠭᠤᠸᠠᠩ ᠹᠠ ᠦᠨᠡᠲᠦ ᠲᠡᠮᠳᠡᠭᠲᠦ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠡᠷᠡᠭ ᠬᠢᠨᠠᠭᠴᠢ ᠶᠢᠨ ᠳᠠᠷᠤᠭ᠎ᠠ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠠᠵᠢᠯᠯᠠᠭ᠎ᠠ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠫᠠᠨ ᠸᠧᠨ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠭᠰᠡᠨ ᠪᠥᠭᠡᠳ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠲᠡᠮᠳᠡᠭᠲᠦ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠡᠷᠡᠭ ᠬᠢᠨᠠᠭᠴᠢ ᠶᠢᠨ ᠳᠠᠷᠤᠭ᠎ᠠ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠤᠣᠰᠯᠠᠨ ᠲᠡᠳᠬᠦᠬᠦ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠮᠠᠨ ᠤ ᠰᠢᠶᠠᠨ ᠤ ᠬᠥᠭᠵᠢᠯᠲᠡ ᠳᠤ ᠡᠬᠢ ᠪᠤᠯᠠᠭ ᠨᠡᠮᠡᠷᠢᠯᠡᠵᠦ᠂ ᠪᠠᠷᠠᠭᠳᠠᠰᠢ ᠦᠭᠡᠢ ᠬᠥᠳᠡᠯᠭᠡᠬᠦ ᠬᠦᠴᠦᠨ ᠢ ᠪᠣᠶ ᠪᠣᠯᠭᠠᠵᠤ᠂ ᠦᠨᠡᠲᠦ ᠲᠡᠮᠳᠡᠭᠲᠦ ᠶᠢ ᠥᠷᠭᠡᠨ ᠢᠶᠠᠷ ᠲᠠᠷᠬᠠᠭᠠᠬᠤ ᠬᠦᠴᠦᠲᠡᠢ ᠳᠡᠮᠵᠢᠯᠭᠡ ᠳᠣᠣᠷ᠎ᠠ᠂ ᠮᠠᠨ ᠤ ᠰᠢᠶᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠬᠥᠭᠵᠢᠯᠲᠡ ᠪᠣᠯᠤᠨ ᠬᠥᠳᠡᠭᠡ ᠲᠣᠰᠬᠤᠨ ᠤ ᠵᠠᠰᠠᠯᠲᠠ ᠶᠢᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ ᠭᠡᠵᠦ ᠢᠯᠡᠳᠬᠡᠪᠡ᠃ ᠡᠭᠦᠨ ᠤ ᠬᠠᠮᠲᠤ ᠪᠠᠰᠠ ᠠᠵᠤ ᠠᠬᠤᠶᠢᠯᠠᠯᠲᠠᠳ ᠦᠷᠭᠦᠯᠵᠢ ᠰᠠᠨᠠᠯ ᠢᠶᠠᠨ ᠰᠣᠯᠢᠯᠴᠠᠵᠤ᠂ ᠪᠡᠯᠡ ᠣᠷᠣᠭᠤᠯᠤᠨ ᠦᠢᠯᠡᠰ ᠪᠤᠰᠬᠠᠵᠤ᠂ ᠬᠤᠶᠠᠷ ᠭᠠᠵᠠᠷ ᠤᠨ ᠭᠠᠷ ᠬᠤᠯᠪᠣᠨ ᠬᠠᠮᠲᠤᠪᠠᠷ ᠤᠷᠤᠭᠰᠢᠯᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠬᠤᠷᠠᠯ ᠤᠨ ᠳᠠᠷᠠᠭ᠎ᠠ᠂ ᠫᠠᠨ ᠸᠧᠨ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠦᠨᠡᠲᠦ ᠲᠡᠮᠳᠡᠭᠲᠦ ᠲᠠᠢ ︽ᠨᠢᠭᠡ ᠵᠤᠷᠭᠠᠨ ᠨᠢᠭᠡ ᠰᠢᠶᠠᠨ︾᠎ ᠤ ᠬᠠᠪᠰᠤᠷᠤᠨ ᠲᠡᠳᠬᠦᠬᠦ ᠭᠡᠷ᠎ᠡ ᠲᠣᠭᠲᠠᠪᠠ᠃      ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠮᠠᠨ ᠤ ᠰᠢᠶᠠᠨ ᠤ 18 ᠨᠡᠷ᠎ᠡ ᠲᠤᠰᠠᠯᠠᠮᠵᠢ ᠬᠦᠷᠲᠡᠭᠰᠡᠨ ᠰᠤᠷᠤᠭᠴᠢᠳ ᠲᠤ ᠰᠤᠷᠤᠯᠭ᠎ᠠ ᠶᠢᠨ ᠱᠠᠩᠨᠠᠯ ᠤᠨ ᠮᠥᠩᠭᠦ ᠲᠠᠷᠬᠠᠭᠠᠬᠤ ᠶᠢᠨ ᠬᠠᠮᠲᠤ ᠰᠤᠷᠤᠭᠴᠢᠳ ᠡᠷᠬᠡᠪᠰᠢ ᠬᠢᠯᠪᠠᠷ ᠪᠤᠰᠤ ᠪᠠᠷ ᠢᠷᠡᠭᠰᠡᠨ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠨᠠᠮ ᠤᠨ ᠬᠠᠯᠠᠮᠵᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢ ᠰᠤᠷᠤᠯᠴᠠᠯᠭ᠎ᠠ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠡᠶᠢᠭᠡᠮ ᠳᠤ ᠬᠡᠷᠡᠭᠴᠡᠭᠡ ᠲᠠᠢ ᠴᠢᠳᠠᠪᠤᠷᠢᠲᠠᠨ ᠪᠣᠯᠭᠠᠬᠤ ᠶᠢ ᠬᠦᠰᠡᠵᠦ ᠪᠠᠶᠢᠨ᠎ᠠ ᠭᠡᠪᠡ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3