ᠮᠠᠨ ᠤ ᠰᠢᠶᠠᠨ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠲᠠᠮᠢᠷ ᠤᠨ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ︾ 16 ᠳ᠋ᠤᠭᠠᠷ ᠤᠳᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/9
     8 ᠰᠠᠷ᠎ᠠ ᠶᠢᠨ 8᠎ ᠤ ᠡᠳᠦᠷ᠂ ᠮᠠᠨ ᠤ ᠰᠢᠶᠠᠨ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ︾ 16 ᠳ᠋ᠤᠭᠠᠷ ᠤᠳᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠠᠵᠢᠯᠯᠠᠭ᠎ᠠ ᠨᠢ ᠪᠥᠬᠦ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠤᠨ ᠦᠵᠡᠭᠦᠯᠦᠯᠭᠡ ᠶᠢᠨ ᠬᠡᠯᠪᠡᠷᠢ ᠪᠠᠷ ᠶᠠᠪᠤᠭᠳᠠᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠢᠨ᠎ᠡ ᠱᠢ ᠵᠢᠢ ᠠᠭᠤᠳᠠᠮ ᠲᠠᠯᠠᠪᠠᠶ ᠳᠤ ᠪᠠᠶᠠᠷ ᠪᠠᠶᠠᠰᠬᠤᠯᠠᠩᠲᠤ ᠢᠨᠢᠶᠡᠳᠦ ᠪᠠᠷ ᠪᠢᠯᠬᠠᠨ᠎ᠠ᠃ ᠪᠡᠶ᠎ᠡ ᠴᠢᠭᠢᠷᠠᠭᠵᠢᠭᠤᠯᠬᠤ ᠳᠤᠷᠠᠲᠠᠶ ᠬᠥᠮᠦᠰ ᠨᠢᠭᠡ ᠲᠠᠩᠬᠢᠮ ᠳᠤ ᠴᠤᠭᠯᠠᠷᠠᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠨᠠᠢᠮᠠᠨ ᠬᠡᠰᠡᠭ ᠬᠡᠮᠡᠷᠯᠢᠭ᠂ ᠪᠡᠶ᠎ᠡ ᠴᠢᠭᠢᠷᠠᠭᠵᠢᠭᠤᠯᠬᠤ ᠲᠠᠮᠢᠷ᠂ ᠠᠷᠢᠶᠠᠪᠠᠯᠤ᠂ 24 ᠮᠠᠶ᠋ᠢᠭ ᠤᠨ ᠶᠠᠩ ᠣᠪᠣᠭᠲᠤ ᠶᠢᠨ ᠨᠢᠳᠤᠷᠭ᠎ᠠ᠂ ᠬᠡᠢ ᠪᠥᠵᠢᠭ᠂ 42 ᠮᠠᠶ᠋ᠢᠭ ᠤᠨ ᠨᠡᠷᠡᠲᠠᠢ ᠰᠡᠯᠡᠮ᠎ᠡ ᠵᠡᠷᠭᠡ ᠡᠯᠪᠡᠭ ᠪᠠᠶᠠᠯᠢᠭ ᠬᠠᠮᠲᠤ ᠶᠢᠨ ᠲᠦᠷᠦᠯ ᠵᠦᠢᠯ ᠢᠶᠠᠷ ᠳᠠᠮᠵᠢᠭᠤᠯᠤᠨ᠂ ᠰᠢᠩ ᠡᡁᠧ ᠶᠢᠨ ᠠᠷᠠᠳ ᠲᠦᠮᠡᠨ ᠤ ᠢᠳᠡᠪᠬᠢᠲᠡᠢ ᠥᠭᠡᠳᠡᠯᠡᠨ ᠲᠠᠪᠰᠢᠬᠤ ᠠᠮᠢᠳᠤᠷᠠᠯ ᠤᠨ ᠣᠪᠣᠷ ᠪᠣᠯᠤᠨ ᠡᠷᠡᠭᠦᠯ ᠥᠭᠡᠳᠡᠷᠬᠡᠭ ᠠᠮᠢᠳᠤᠷᠠᠯ ᠤᠨ ᠣᠪᠣᠷ ᠪᠣᠯᠤᠨ ᠡᠷᠡᠭᠦᠯ ᠥᠭᠡᠳᠡᠷᠬᠡᠭ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃  
         ᠲᠣᠰ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠶᠢ ᠮᠠᠨ ᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ᠂ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠬᠠᠮᠲᠤᠷᠠᠨ ᠳᠠᠭᠠᠭᠠᠴᠢᠯᠠᠨ ᠡᠷᠭᠢᠯᠡᠵᠦ᠂ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ︾᠎ ᠪᠠᠷ ᠭᠤᠤᠯ ᠰᠡᠳᠦᠪ ᠪᠣᠯᠭᠠᠪᠠ᠃ ᠠᠵᠢᠯᠯᠠᠭ᠎ᠠ ᠨᠢ ᠮᠠᠨ ᠤ ᠰᠢᠶᠠᠨ ᠤ ᠡᠯ᠎ᠡ ᠨᠠᠰᠤᠨ ᠤ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠤᠬᠠᠶ ᠬᠠᠶᠢᠷ᠎ᠠ ᠰᠡᠳᠬᠢᠯᠭᠡ ᠵᠢᠴᠢ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠤᠤᠯ ᠰᠡᠳᠦᠪ ᠢ ᠠᠮᠢᠳᠤᠯᠢᠭ ᠢᠶᠠᠷ ᠦᠢᠯᠡᠳᠦᠯᠭᠡᠵᠢᠭᠦᠯᠪᠡ᠃ ᠡᠭᠦᠨ ᠤ ᠬᠠᠮᠲᠤ᠂ ᠠᠵᠢᠯᠯᠠᠭ᠎ᠠ ᠪᠠᠷ ᠳᠠᠮᠵᠢᠭᠤᠯᠤᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ᠂ ᠬᠥᠳᠡᠯᠭᠡᠭᠡᠨ ᠤ ᠲᠥᠷᠥᠯ ᠵᠦᠢᠯ ᠢ ᠲᠦᠭᠡᠮᠡᠯᠵᠢᠭᠦᠯᠬᠦ ᠪᠠ ᠳᠡᠯᠭᠡᠷᠡᠭᠦᠯᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠣᠯᠠᠨ ᠲᠦᠮᠡᠨ ᠤ ᠳᠡᠷᠭᠡᠳᠡ ᠬᠦᠷᠭᠡᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠥᠬᠦ ᠰᠢᠶᠠᠨ ᠢ ᠬᠠᠮᠤᠷᠬᠤ ᠶᠢ ᠠᠬᠢᠭᠤᠯᠵᠤ᠂ ᠡᠯ᠎ᠡ ᠲᠥᠷᠥᠯ ᠤᠨ ᠬᠥᠮᠦᠰ ᠲᠤ ᠠᠰᠢᠭ ᠬᠦᠷᠲᠡᠭᠡᠵᠦ᠂ ᠬᠥᠮᠦᠨ ᠪᠦᠬᠦᠨ ᠪᠡᠶ᠎ᠡ ᠴᠢᠭᠢᠷᠠᠭᠵᠢᠭᠤᠯᠬᠤ᠂ ᠲᠢᠶᠠᠨ ᠲᠢᠶᠠᠨ ᠪᠡᠶ᠎ᠡ ᠴᠢᠭᠢᠷᠠᠭᠵᠢᠭᠤᠯᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3