ᠰᠠᠶᠢᠬᠤᠰᠤ ᠪᠠᠯᠭᠠᠰᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/9
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠠᠶᠢᠬᠤᠰᠤ ᠪᠠᠯᠭᠠᠰᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠪᠡ᠃      ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠤᠯᠠᠨ ᠢ ᠳᠠᠭᠠᠭᠤᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠰᠢᠨ᠎ᠡ ᠱᠠᠭᠠᠷᠳᠠᠯᠭ᠎ᠠ ᠪᠠ ᠰᠢᠨ᠎ᠡ ᠥᠷᠢᠰᠥᠯᠳᠦᠭᠡᠨ ᠢ ᠭᠦᠨᠵᠡᠭᠡᠶ ᠣᠶᠢᠯᠠᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠢᠨ᠎ᠡ ᠴᠠᠭ ᠦᠶ᠎ᠡ ᠳᠠᠬᠢ ᠲᠡᠦᠬᠡᠲᠦ ᠡᠭᠦᠷᠭᠡ ᠪᠠ ᠬᠠᠷᠢᠭᠤᠴᠠᠯᠭ᠎ᠠ ᠡᠭᠦᠷᠭᠡᠯᠡᠯ ᠢ ᠲᠣᠳᠣᠷᠬᠠᠶᠢᠯᠠᠪᠠ᠃ ᠨᠠᠮ ᠤᠨ ᠬᠤᠷᠢᠳᠤᠭᠠᠷ  ᠬᠤᠭᠤᠴᠠᠭᠠᠨ ᠤ ᠲᠥᠪ ᠬᠤᠷᠢᠶᠡᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠪᠣᠳᠠᠲᠠᠢ ᠠᠵᠢᠯ ᠲᠠᠢ ᠤᠶᠠᠯᠳᠤᠭᠤᠯᠬᠤ ᠶᠢ ᠰᠤᠳᠤᠯᠤᠨ ᠶᠠᠷᠢᠯᠴᠠᠵᠤ᠂ ᠨᠠᠮ ᠤᠨ ᠤᠯᠠᠨ ᠲᠦᠮᠡᠨᠴᠢ ᠱᠤᠭᠤᠮ ᠤᠨ ᠬᠠᠮᠤᠭ ‍ᠤᠨ‌‍ᠰᠢᠨ᠎ᠡ ᠱᠠᠭᠠᠷᠳᠠᠯᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠤᠯᠠᠨ  ᠲᠦᠮᠡᠨ ᠲᠤ ᠦᠢᠯᠡᠴᠢᠯᠡᠬᠦ ᠤᠬᠠᠮᠰᠠᠷ ᠪᠠ ᠴᠢᠳᠠᠪᠤᠷᠢ ᠪᠠᠨ ᠴᠢᠩᠭᠠᠳᠭᠠᠵᠤ᠂ ᠤᠯᠠᠨ  ᠲᠦᠮᠡᠨ ᠤ ᠰᠠᠨᠠᠭ᠎ᠠ ᠪᠤᠯᠵᠤ ᠪᠠᠶᠢᠭ᠎ᠠ ᠤᠴᠢᠷ ᠶᠠᠪᠤᠳᠠᠯ  ᠢ ᠦᠨᠡᠨ ᠬᠦ  ᠰᠢᠢᠳᠪᠤᠷᠢᠯᠡᠨ᠎ᠡ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠭᠡᠰᠢᠭᠦᠨ ᠺᠠᠳ᠋ᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠤᠢᠢᠯᠠᠭᠠᠨ ᠡᠵᠡᠮᠰᠢᠵᠦ᠂ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠬᠤᠶᠢᠴᠢ ᠦᠶ᠎ᠡ ᠶᠢᠨ ᠬᠢᠨ ᠢ ᠢᠯᠡᠭᠦᠬᠡᠨ ᠬᠠᠯᠠᠮᠵᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠦᠭ ᠲᠦᠮᠡᠨ ᠠᠶᠢᠯ ᠡᠷᠦᠬᠡ ᠳᠤ ᠥᠷᠭᠡᠨ ᠢᠶᠠᠷ ᠤᠬᠠᠭᠤᠯᠬᠤ ᠬᠡᠷᠡᠭᠲᠡᠢ᠃      ᠲᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠲᠠᠢ ᠬᠠᠮᠲᠤᠷᠠᠨ ᠡᠶᠢᠮᠦᠷᠬᠦ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠣᠯᠠᠨ ᠲᠦᠮᠡᠨᠴᠢ ᠱᠤᠭᠤᠮ ᠢ ᠤᠶᠢᠯᠡᠳᠤᠯᠭᠡᠵᠢᠭᠦᠯᠵᠤ ᠂ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃                 ᠵᠤᠬᠢᠶᠠᠭᠴᠢ᠄ ᠰᠠᠶᠢᠬᠤᠰᠤ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3