8 ᠰᠠᠷ᠎ᠠ ᠶᠢᠨ 8 ᠤ ᠡᠳᠦᠷ᠂ ᠮᠠᠨ ᠤ ᠰᠢᠶᠠᠨ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠥᠳᠡᠯᠭᠡᠭᠡᠨ ᠢᠶᠠᠷ | ᠡᠷᠡᠭᠦᠯ ᠮᠡᠨᠳᠦ ᠶᠢ ᠠᠬᠢᠭᠤᠯᠬᠤ︾ 16 ᠳ᠋ᠤᠭᠠᠷ ᠤᠳᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ | ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ | | | ᠲᠣᠰ ᠤᠳᠠᠭᠠᠨ ᠤ ᠠᠵᠢᠯᠯᠠᠭ᠎ᠠ ᠨᠢ ᠪᠥᠬᠦ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠷᠥᠯ | ᠵᠦᠢᠯ ᠤᠨ ᠦᠵᠡᠭᠦᠯᠦᠯᠭᠡ ᠶᠢᠨ ᠬᠡᠯᠪᠡᠷᠢ ᠪᠠᠷ ᠶᠠᠪᠤᠭᠳᠠᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠢᠨ᠎ᠡ ᠱᠢ ᠵᠢᠢ | ᠠᠭᠤᠳᠠᠮ ᠲᠠᠯᠠᠪᠠᠶ ᠳᠤ ᠪᠠᠶᠠᠷ ᠪᠠᠶᠠᠰᠬᠤᠯᠠᠩᠲᠤ ᠢᠨᠢᠶᠡᠳᠦ ᠪᠠᠷ ᠪᠢᠯᠬᠠᠨ᠎ᠠ᠃ ᠪᠡᠶ᠎ᠡ ᠴᠢᠭᠢᠷᠠᠭᠵᠢᠭᠤᠯᠬᠤ ᠳᠤᠷᠠᠲᠠᠶ ᠬᠥᠮᠦᠰ | ᠨᠢᠭᠡ ᠲᠠᠩᠬᠢᠮ ᠳᠤ ᠴᠤᠭᠯᠠᠷᠠᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠨᠠᠢᠮᠠᠨ ᠬᠡᠰᠡᠭ ᠬᠡᠮᠡᠷᠯᠢᠭ᠂ ᠪᠡᠶ᠎ᠡ | ᠴᠢᠭᠢᠷᠠᠭᠵᠢᠭᠤᠯᠬᠤ ᠲᠠᠮᠢᠷ᠂ ᠠᠷᠢᠶᠠᠪᠠᠯᠤ᠂ 24 ᠮᠠᠶ᠋ᠢᠭ ᠤᠨ ᠶᠠᠩ ᠣᠪᠣᠭᠲᠤ ᠶᠢᠨ ᠨᠢᠳᠤᠷᠭ᠎ᠠ᠂ ᠬᠡᠢ ᠪᠥᠵᠢᠭ᠂ 42 | ᠮᠠᠶ᠋ᠢᠭ ᠤᠨ ᠨᠡᠷᠡᠲᠠᠢ ᠰᠡᠯᠡᠮ᠎ᠡ ᠵᠡᠷᠭᠡ ᠡᠯᠪᠡᠭ ᠪᠠᠶᠠᠯᠢᠭ ᠬᠠᠮᠲᠤ ᠶᠢᠨ ᠲᠦᠷᠦᠯ ᠵᠦᠢᠯ ᠢᠶᠠᠷ ᠳᠠᠮᠵᠢᠭᠤᠯᠤᠨ᠂ ᠰᠢᠩ ᠡᡁᠧ ᠶᠢᠨ | ᠠᠷᠠᠳ ᠲᠦᠮᠡᠨ ᠤ ᠢᠳᠡᠪᠬᠢᠲᠡᠢ ᠥᠭᠡᠳᠡᠯᠡᠨ ᠲᠠᠪᠰᠢᠬᠤ ᠠᠮᠢᠳᠤᠷᠠᠯ ᠤᠨ ᠣᠪᠣᠷ ᠪᠣᠯᠤᠨ ᠡᠷᠡᠭᠦᠯ ᠥᠭᠡᠳᠡᠷᠬᠡᠭ | ᠠᠮᠢᠳᠤᠷᠠᠯ ᠤᠨ ᠣᠪᠣᠷ ᠪᠣᠯᠤᠨ ᠡᠷᠡᠭᠦᠯ ᠥᠭᠡᠳᠡᠷᠬᠡᠭ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ | | | ᠲᠣᠰ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠶᠢ ᠮᠠᠨ ᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢᠨ ᠲᠥᠪ᠂ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠬᠠᠮᠲᠤᠷᠠᠨ | ᠳᠠᠭᠠᠭᠠᠴᠢᠯᠠᠨ ᠡᠷᠭᠢᠯᠡᠵᠦ᠂ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠥᠳᠡᠯᠭᠡᠭᠡᠨ ᠢᠶᠠᠷ ᠡᠷᠡᠭᠦᠯ ᠮᠡᠨᠳᠦ ᠶᠢ | ᠠᠬᠢᠭᠤᠯᠬᠤ︾ ᠪᠠᠷ ᠭᠤᠤᠯ ᠰᠡᠳᠦᠪ ᠪᠣᠯᠭᠠᠪᠠ᠃ ᠠᠵᠢᠯᠯᠠᠭ᠎ᠠ ᠨᠢ ᠮᠠᠨ ᠤ ᠰᠢᠶᠠᠨ ᠤ ᠡᠯ᠎ᠡ ᠨᠠᠰᠤᠨ ᠤ ᠰᠠᠭᠤᠭᠠᠯᠢ | ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠤᠬᠠᠶ ᠬᠠᠶᠢᠷ᠎ᠠ ᠰᠡᠳᠬᠢᠯᠭᠡ ᠵᠢᠴᠢ | ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠭᠤᠤᠯ ᠰᠡᠳᠦᠪ ᠢ ᠠᠮᠢᠳᠤᠯᠢᠭ ᠢᠶᠠᠷ ᠦᠢᠯᠡᠳᠦᠯᠭᠡᠵᠢᠭᠦᠯᠪᠡ᠃ ᠡᠭᠦᠨ ᠤ ᠬᠠᠮᠲᠤ᠂ | ᠠᠵᠢᠯᠯᠠᠭ᠎ᠠ ᠪᠠᠷ ᠳᠠᠮᠵᠢᠭᠤᠯᠤᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ᠂ ᠬᠥᠳᠡᠯᠭᠡᠭᠡᠨ ᠤ | ᠲᠥᠷᠥᠯ ᠵᠦᠢᠯ ᠢ ᠲᠦᠭᠡᠮᠡᠯᠵᠢᠭᠦᠯᠬᠦ ᠪᠠ ᠳᠡᠯᠭᠡᠷᠡᠭᠦᠯᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠶᠢ ᠲᠦᠭ | ᠲᠦᠮᠡᠨ ᠠᠶᠢᠯ ᠡᠷᠦᠬᠡ ᠳᠤ ᠬᠦᠷᠭᠡᠵᠦ᠂ ᠣᠯᠠᠨ ᠲᠦᠮᠡᠨ ᠤ ᠳᠡᠷᠭᠡᠳᠡ ᠬᠦᠷᠭᠡᠨ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢᠨ ᠪᠥᠬᠦ ᠰᠢᠶᠠᠨ ᠢ ᠬᠠᠮᠤᠷᠬᠤ ᠶᠢ ᠠᠬᠢᠭᠤᠯᠵᠤ᠂ ᠡᠯ᠎ᠡ ᠲᠥᠷᠥᠯ ᠤᠨ ᠬᠥᠮᠦᠰ ᠲᠤ ᠠᠰᠢᠭ | ᠬᠦᠷᠲᠡᠭᠡᠵᠦ᠂ ᠬᠥᠮᠦᠨ ᠪᠦᠬᠦᠨ ᠪᠡᠶ᠎ᠡ ᠴᠢᠭᠢᠷᠠᠭᠵᠢᠭᠤᠯᠬᠤ᠂ ᠲᠢᠶᠠᠨ ᠲᠢᠶᠠᠨ ᠪᠡᠶ᠎ᠡ ᠴᠢᠭᠢᠷᠠᠭᠵᠢᠭᠤᠯᠬᠤ᠂ ᠰᠢᠨᠵᠢᠯᠡᠬᠦ | ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |