ᠰᠢᠩ ᠾᠧ ᠰᠢᠶᠠᠨ ᠤ 2024 ᠣᠨ ᠤ ᠲᠠᠷᠢᠶᠠᠨ ᠭᠠᠵᠠᠷ ᠤᠨ ᠭᠦᠨ ᠰᠤᠯᠠᠷᠠᠭᠤᠯᠵᠤ ᠠᠵᠢᠯᠯᠠᠬᠤ ᠨᠥᠬᠦᠪᠥᠷᠢ ᠶᠢᠨ ᠲᠥᠷᠥᠯ ᠵᠦᠢᠯ ᠢ ᠳᠡᠩᠰᠡᠯᠡᠨ ᠲᠡᠮᠳᠡᠭᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/9/12
     ᠡᠯ᠎ᠡ ᠰᠢᠶᠠᠩ ᠪᠠᠯᠭᠠᠰᠤ᠂ ᠪᠣᠳᠠᠲᠠᠶ ᠡᠵᠡᠩᠨᠡᠵᠦ ᠪᠠᠶᠢᠭ᠎ᠠ ᠭᠠᠵᠠᠷ ᠰᠢᠷᠣᠶ ᠬᠤᠪᠢ ᠬᠥᠮᠦᠨ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︿2020 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠲᠠᠷᠬᠠᠭᠠᠭᠰᠠᠨ ﹇2020﹈ 258 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶᠎ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠬᠠᠮᠲᠤᠷᠠᠨ ︽ᠰᠢᠩ ᠾᠧ ᠰᠢᠶᠠᠨ ᠤ 2024 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠡᠨ ᠪᠣᠳᠠᠲᠠᠶ ᠡᠵᠡᠩᠨᠡᠬᠦ ᠣᠷᠣᠨ ᠤ ᠳᠣᠲᠣᠷᠠᠬᠢ ᠪᠣᠳᠠᠲᠠᠶ ᠡᠵᠡᠩᠨᠡᠬᠦ ᠲᠠᠷᠢᠶᠠᠨ ᠭᠠᠵᠠᠷ ᠢ 3000 ᠮᠥ ᠠᠴᠠ ᠳᠡᠭᠡᠭᠰᠢ ︵ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠪᠠ ᠬᠥᠳᠡᠭᠡ ᠲᠣᠰᠬᠤᠨ ᠤ ᠬᠤᠶᠠᠷ ᠱᠠᠲᠤᠨ ᠤ ᠭᠡᠷᠡᠴᠢᠯᠡᠭᠡ︶ ᠨᠥᠬᠦᠪᠥᠷᠢ ᠥᠭᠬᠦ ᠪᠠᠷ ᠲᠣᠭᠲᠠᠭᠰᠠᠨ ᠪᠥᠭᠡᠳ ᠲᠠᠷᠢᠶᠠᠨ ᠭᠠᠵᠠᠷ ᠢ ᠭᠦᠨ ᠰᠤᠯᠠᠷᠠᠭᠤᠯᠵᠤ ᠠᠵᠢᠯᠯᠠᠬᠤ ᠭᠤᠤᠯ ᠴᠣᠭᠴᠠ᠂ ᠳᠡᠭᠡᠷᠡᠬᠢ ᠨᠥᠬᠦᠴᠡᠯ ᠳᠤ ᠨᠡᠶᠢᠴᠡᠬᠦ ᠬᠤᠪᠢ ᠬᠥᠮᠦᠨ ᠪᠠ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ 2024 ᠣᠨ ᠤ 9 ᠳ᠋ᠤᠭᠡᠷ ᠲᠣᠭᠠᠲᠤ ᠠᠴᠠ 2024 ᠣᠨ ᠤ 9 ᠳ᠋ᠤᠭᠡᠷ ᠲᠣᠭᠠᠲᠤ ᠪᠣᠯᠲᠠᠯᠠᠬᠢ ᠬᠤᠭᠤᠴᠠᠭᠠᠨ ᠳᠤ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠦᠢᠯᠡᠴᠢᠯᠡᠭᠡᠨ ᠤ ᠲᠥᠪ ᠲᠤ ᠬᠦᠷᠴᠦ ᠪᠦᠷᠢᠳᠬᠡᠨ ᠳᠠᠩᠰᠠᠯᠠᠭᠤᠯᠤᠭᠠᠷᠠᠢ᠃      ᠳᠠᠩᠰᠠᠯᠠᠬᠤ ᠬᠠᠶ᠋ᠢᠭ᠄ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶᠎ ᠤᠨ ᠲᠣᠪᠴᠢᠶ᠎ᠠ ᠶᠢᠨ ᠵᠡᠭᠦᠨ ᠲᠠᠯ᠎ᠠ ᠶᠢᠨ 2 ᠳ᠋ᠤᠭᠠᠷ ᠠᠰᠠᠷ ᠤᠨ 205 ᠳ᠋ᠤᠭᠠᠷ ᠥᠷᠥᠭᠡ      ᠣᠨᠴᠠᠭᠠᠶᠢᠯᠠᠨ ᠮᠡᠳᠡᠭᠳᠡᠪᠡ      ᠬᠠᠷᠢᠯᠴᠠᠬᠤ ᠬᠥᠮᠥᠨ᠄ ᠨᠢᠦ ᠰᠢᠤᠸᠠᠢ ᠯᠢᠨ      ᠬᠠᠷᠢᠯᠴᠠᠬᠤ ᠤᠲᠠᠰᠤ᠄ 13948591442      ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠠᠯᠠᠭ᠎ᠠ ︵ᠮᠡᠷᠭᠡᠵᠢᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠲᠣᠪᠴᠢᠶ᠎ᠠ               ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3