ᠡᠯ᠎ᠡ ᠰᠢᠶᠠᠩ ᠪᠠᠯᠭᠠᠰᠤ᠂ ᠪᠣᠳᠠᠲᠠᠶ ᠡᠵᠡᠩᠨᠡᠵᠦ ᠪᠠᠶᠢᠭ᠎ᠠ ᠭᠠᠵᠠᠷ ᠰᠢᠷᠣᠶ ᠬᠤᠪᠢ ᠬᠥᠮᠦᠨ ᠪᠠ ᠲᠠᠷᠢᠶᠠᠯᠠᠩ ᠤᠨ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠤᠨ ︿2020 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ | ᠰᠤᠯᠠᠷᠠᠭᠤᠯᠬᠤ ᠠᠵᠢᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠲᠠᠷᠬᠠᠭᠠᠭᠰᠠᠨ ﹇2020﹈ 258 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ ᠬᠠᠮᠲᠤᠷᠠᠨ ︽ᠰᠢᠩ ᠾᠧ ᠰᠢᠶᠠᠨ ᠤ 2024 ᠣᠨ ᠤ ᠲᠥᠪ ᠤᠨ ᠡᠳ᠋ ᠤᠨ | ᠵᠠᠰᠠᠭ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠡᠨ ᠪᠣᠳᠠᠲᠠᠶ ᠡᠵᠡᠩᠨᠡᠬᠦ ᠣᠷᠣᠨ ᠤ ᠳᠣᠲᠣᠷᠠᠬᠢ ᠪᠣᠳᠠᠲᠠᠶ ᠡᠵᠡᠩᠨᠡᠬᠦ | ᠲᠠᠷᠢᠶᠠᠨ ᠭᠠᠵᠠᠷ ᠢ 3000 ᠮᠥ ᠠᠴᠠ ᠳᠡᠭᠡᠭᠰᠢ ︵ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠪᠠ ᠬᠥᠳᠡᠭᠡ | ᠲᠣᠰᠬᠤᠨ ᠤ ᠬᠤᠶᠠᠷ ᠱᠠᠲᠤᠨ ᠤ ᠭᠡᠷᠡᠴᠢᠯᠡᠭᠡ︶ ᠨᠥᠬᠦᠪᠥᠷᠢ ᠥᠭᠬᠦ ᠪᠠᠷ ᠲᠣᠭᠲᠠᠭᠰᠠᠨ ᠪᠥᠭᠡᠳ ᠲᠠᠷᠢᠶᠠᠨ ᠭᠠᠵᠠᠷ ᠢ | ᠭᠦᠨ ᠰᠤᠯᠠᠷᠠᠭᠤᠯᠵᠤ ᠠᠵᠢᠯᠯᠠᠬᠤ ᠭᠤᠤᠯ ᠴᠣᠭᠴᠠ᠂ ᠳᠡᠭᠡᠷᠡᠬᠢ ᠨᠥᠬᠦᠴᠡᠯ ᠳᠤ ᠨᠡᠶᠢᠴᠡᠬᠦ ᠬᠤᠪᠢ ᠬᠥᠮᠦᠨ ᠪᠠ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ 2024 ᠣᠨ ᠤ 9 ᠳ᠋ᠤᠭᠡᠷ ᠲᠣᠭᠠᠲᠤ ᠠᠴᠠ 2024 | ᠣᠨ ᠤ 9 ᠳ᠋ᠤᠭᠡᠷ ᠲᠣᠭᠠᠲᠤ ᠪᠣᠯᠲᠠᠯᠠᠬᠢ ᠬᠤᠭᠤᠴᠠᠭᠠᠨ ᠳᠤ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ | ᠦᠢᠯᠡᠴᠢᠯᠡᠭᠡᠨ ᠤ ᠲᠥᠪ ᠲᠤ ᠬᠦᠷᠴᠦ ᠪᠦᠷᠢᠳᠬᠡᠨ ᠳᠠᠩᠰᠠᠯᠠᠭᠤᠯᠤᠭᠠᠷᠠᠢ᠃ | ᠳᠠᠩᠰᠠᠯᠠᠬᠤ ᠬᠠᠶ᠋ᠢᠭ᠄ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠤᠨ ᠲᠣᠪᠴᠢᠶ᠎ᠠ ᠶᠢᠨ ᠵᠡᠭᠦᠨ ᠲᠠᠯ᠎ᠠ ᠶᠢᠨ 2 | ᠳ᠋ᠤᠭᠠᠷ ᠠᠰᠠᠷ ᠤᠨ 205 ᠳ᠋ᠤᠭᠠᠷ ᠥᠷᠥᠭᠡ | ᠣᠨᠴᠠᠭᠠᠶᠢᠯᠠᠨ ᠮᠡᠳᠡᠭᠳᠡᠪᠡ᠃ | ᠬᠠᠷᠢᠯᠴᠠᠬᠤ ᠬᠥᠮᠥᠨ᠄ ᠨᠢᠦ ᠰᠢᠤᠸᠠᠢ ᠯᠢᠨ | ᠬᠠᠷᠢᠯᠴᠠᠬᠤ ᠤᠲᠠᠰᠤ᠄ 13948591442 | | ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠠᠯᠠᠭ᠎ᠠ ︵ᠮᠡᠷᠭᠡᠵᠢᠯ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ︶ ᠲᠣᠪᠴᠢᠶ᠎ᠠ | 2024 ᠣᠨ ᠤ 9 ᠰᠠᠷ᠎ᠠ ᠶᠢᠨ 12 ᠤᠨ ᠡᠳᠦᠷ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ | |