ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠬᠤ ᠶᠢᠨ ᠲᠥᠯᠥᠭᠡ᠂ 9 ᠰᠠᠷ᠎ᠠ ᠶᠢᠨ 9 ᠤ ᠡᠳᠦᠷ᠂ ᠴᠧᠩ ᠭᠤᠸᠠᠨ ᠪᠠᠯᠭᠠᠰᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠪᠠᠶᠢᠭ᠎ᠠ ᠵᠣᠯ ᠵᠢᠷᠭᠠᠯᠲᠤ ᠨᠡᠶᠢᠭᠡᠮ ᠲᠣᠭᠤᠷᠢᠭ ᠨᠠᠮ ᠤᠨ ᠲᠠᠭᠤᠨ ᠢ ᠲᠦᠮᠡᠨ | ᠡᠷᠦᠬᠡ ᠳᠤ ᠣᠷᠣᠭᠤᠯᠪᠠ - ︽ᠵᠢᠵᠢᠭ ᠰᠠᠨᠳᠠᠯᠢ ᠬᠢᠴᠢᠶᠡᠯ ᠤᠨ ᠲᠠᠩᠬᠢᠮ︾ ᠤᠨ ᠣᠨᠣᠯ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ | ᠲᠣᠯᠣᠭᠠᠶ ᠳᠤ ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠤᠯᠬᠤ ᠶᠢ ᠠᠬᠢᠭᠤᠯᠪᠠ᠃ | ᠠᠵᠢᠯᠯᠠᠭ᠎ᠠ ᠶᠢᠨ ᠳᠤᠮᠳᠠ᠂ ᠪᠠᠯᠭᠠᠰᠤᠨ ᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︾ ᠶᠢᠨ ᠣᠨᠣᠯ ᠤᠨ ᠬᠥᠩᠭᠡᠨ ᠮᠣᠷᠢᠲᠤ ᠴᠡᠷᠢᠭ ᠤᠨ ᠰᠠᠯᠪᠤᠷᠢ ᠪᠠᠭ᠎ᠠ | ᠠᠩᠭᠢ ᠶᠢᠨ ᠤᠬᠠᠭᠤᠯᠤᠨ ᠲᠠᠶᠢᠯᠪᠤᠷᠢᠯᠠᠭᠴᠢ ᠠᠨ ᠢᠦᠶ ᠹᠧᠩ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠶᠢᠨ ᠫᠢᠩ ᠤᠨ | ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ᠂ ︽ | ᠲᠣᠭᠲᠠᠭᠠᠯ︾ ᠳᠤ ᠳᠤᠷᠠᠳᠤᠭᠰᠠᠨ ︽ᠵᠢᠷᠭᠤᠭᠠᠨ ᠵᠠᠶᠢᠯᠠᠰᠢ ᠥᠬᠡᠶ ᠱᠠᠭᠠᠷᠳᠠᠯᠭ᠎ᠠ︾ ᠶᠢ ᠪᠥᠬᠦ ᠲᠠᠯ᠎ᠠ ᠪᠠᠷ ᠣᠨᠣᠪᠴᠢᠲᠠᠶ | ᠣᠶᠢᠯᠠᠭᠠᠬᠤ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠣᠨᠣᠪᠴᠢᠲᠠᠶ ᠲᠠᠶᠢᠯᠪᠤᠷᠢᠯᠠᠬᠤ ᠪᠠ ᠭᠦᠨᠵᠡᠭᠡᠶ ᠲᠠᠶᠢᠯᠪᠤᠷᠢᠯᠠᠪᠠ᠃ ᠪᠥᠬᠦᠳᠡ ᠬᠤᠷᠠᠯ ᠤᠨ ᠵᠣᠷᠢᠭ ᠰᠠᠨᠠᠭᠠᠨ ᠤ | ᠲᠤᠬᠠᠶ ᠠᠷᠠᠳ ᠣᠯᠠᠨ ᠤ ᠲᠠᠨᠢᠯᠲᠠ ᠶᠢ ᠦᠨᠡᠨ ᠬᠦ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠣᠯᠠᠨ ᠲᠦᠮᠡᠨ ᠤ ᠠᠵᠢᠯ | ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠪᠠ ᠢᠲᠡᠭᠡᠯ ᠵᠣᠷᠢᠭ ᠢ ᠬᠥᠭᠵᠢᠭᠡᠪᠡ᠃ | ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠵᠣᠷᠢᠯᠭ᠎ᠠ ᠨᠢ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ︽ᠰᠠᠶᠢᠨ ᠳᠠᠭᠤᠤ︾ ᠶᠢ ᠠᠷᠠᠳ ᠣᠯᠠᠨ ᠤ ᠴᠢᠬᠢᠨ ᠳᠤ᠂ ᠰᠡᠳᠬᠢᠯ ᠵᠢᠷᠦᠬᠡᠨ ᠳᠤ | ᠳᠠᠮᠵᠢᠭᠤᠯᠬᠤ ᠶᠢᠨ ᠲᠥᠯᠥᠭᠡ ᠶᠤᠮ᠃ ᠳᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨᠤᠯ ᠤᠨ ᠬᠥᠩᠭᠡᠨ ᠮᠣᠷᠢᠲᠤ ᠴᠡᠷᠢᠭ ᠤᠨ ᠰᠠᠯᠪᠤᠷᠢ ᠠᠩᠬᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠰᠢᠨ᠎ᠡ ᠠᠷᠭ᠎ᠠ ᠵᠠᠮ ᠢ | ᠢᠳᠡᠪᠬᠢᠲᠡᠢ ᠰᠦᠪᠡᠭᠴᠢᠯᠡᠵᠦ᠂ ᠤᠯᠠᠨ ᠲᠦᠮᠡᠨ ᠬᠠᠮᠢᠭ᠎ᠠ ᠪᠠᠶᠢᠪᠠᠯ ᠵᠢᠵᠢᠭ ᠰᠠᠨᠳᠠᠯᠢ ᠪᠠᠶᠢᠪᠠᠯ ᠲᠡᠨᠳᠡ ᠨᠡᠭᠦᠯᠭᠡᠬᠦ ᠶᠢ | ᠪᠠᠷᠢᠮᠲᠠᠯᠠᠵᠤ᠂ ᠤᠬᠠᠭᠤᠯᠤᠨ ᠲᠠᠶᠢᠯᠪᠤᠷᠢᠯᠠᠬᠤ ᠬᠢᠴᠢᠶᠡᠯ ᠤᠨ ᠲᠠᠩᠬᠢᠮ ᠢ ᠲᠡᠨᠳᠡ ᠲᠤᠬᠢᠷᠠᠭᠤᠯᠪᠠ᠃ ᠤᠯᠠᠨ ᠲᠦᠮᠡᠨ ᠤ | ᠳᠡᠷᠭᠡᠳᠡᠬᠢ ︽ᠪᠠᠭ᠎ᠠ︾ ᠬᠢᠴᠢᠶᠡᠯ ᠤᠨ ᠲᠠᠩᠬᠢᠮ᠂ ︽ᠪᠢᠴᠢᠯ︾ ᠤᠨ ᠵᠢᠭᠰᠠᠭᠠᠯ ᠤᠨ ᠭᠠᠵᠠᠷ ᠢ ᠪᠠᠶᠢᠭᠤᠯᠬᠤ ᠪᠠᠷ | ᠳᠠᠮᠵᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠨᠳᠦᠰᠦᠨ ᠱᠠᠲᠤᠨ ᠳᠤ ᠦᠨᠳᠦᠰᠦᠯᠡᠭᠦᠯᠵᠦ᠂ ᠴᠡᠴᠡᠭᠯᠡᠨ | ᠵᠢᠮᠢᠰᠯᠡᠭᠦᠯᠬᠦ ᠬᠡᠷᠡᠭᠲᠡᠢ᠃ | | ᠵᠤᠬᠢᠶᠠᠭᠴᠢ᠄ ᠴᠧᠩ ᠭᠤᠸᠠᠨ ᠪᠠᠯᠭᠠᠰᠤ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |