ᠸᠠᠩ ᠬᠤᠢ ᠢᠦᠢ ᠰᠢᠩ ᠡᡁᠧ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/14
     9 ᠰᠠᠷ᠎ᠠ ᠶᠢᠨ 12᠎ ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠩ ᠾᠧ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃      ᠸᠠᠩ ᠬᠤᠢ ᠢᠦᠢ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ᠂ ᠪᠠᠶᠢᠷᠢ ᠶᠢᠨ ᠭᠡᠷ ᠵᠡᠷᠭᠡ ᠭᠠᠵᠠᠷ ᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠲᠠᠯ᠎ᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠸᠠᠩ ᠬᠤᠢ ᠢᠦᠢ ᠴᠢᠬᠤᠯᠠᠴᠢᠯᠠᠭᠰᠠᠨ ᠨᠢ᠂ ᠣᠳᠣᠬᠠᠨ ᠳᠤ᠂ ᠡᠯ᠎ᠡ ᠰᠤᠷᠭᠠᠭᠤᠯᠢ ᠨᠢᠭᠡᠨᠲᠡ ᠰᠤᠷᠭᠠᠭᠤᠯᠢ ᠡᠬᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠣᠳᠠᠲᠠᠢ ᠨᠠᠷᠢᠯᠢᠭ ᠠᠳᠬᠤᠵᠤ᠂ ᠠᠮᠤᠷ ᠲᠦᠪᠰᠢᠨ ᠤ ᠬᠥᠮᠦᠵᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠣᠯᠤᠨ ᠡᠯ᠎ᠡ ᠵᠦᠢᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠲᠥᠪᠯᠡᠷᠡᠭᠦᠯᠦᠨ ᠬᠤᠭᠤᠯᠠ ᠢᠳᠡᠬᠦ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠪᠠᠶᠢᠴᠠᠭᠠᠬᠤ᠂ ᠬᠠᠮᠠᠭᠠᠯᠠᠬᠤ ᠪᠠ ᠠᠷᠠᠴᠢᠯᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠤ ᠦᠰᠦᠨ ᠪᠤᠶᠢᠵᠢᠯᠲᠠ ᠶᠢ ᠬᠠᠮᠠᠭᠠᠯᠠᠬᠤ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3