9 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠩ ᠾᠧ | ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃ | ᠸᠠᠩ ᠬᠤᠢ ᠢᠦᠢ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ᠂ ᠪᠠᠶᠢᠷᠢ ᠶᠢᠨ ᠭᠡᠷ | ᠵᠡᠷᠭᠡ ᠭᠠᠵᠠᠷ ᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠰᠤᠷᠭᠠᠭᠤᠯᠢ ᠶᠢᠨ ᠬᠦᠷᠢᠶᠡᠨ ᠤ | ᠠᠮᠤᠷ ᠢ ᠬᠠᠮᠠᠭᠠᠯᠠᠬᠤ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠲᠠᠯ᠎ᠠ ᠶᠢᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠸᠠᠩ ᠬᠤᠢ ᠢᠦᠢ ᠴᠢᠬᠤᠯᠠᠴᠢᠯᠠᠭᠰᠠᠨ ᠨᠢ᠂ ᠣᠳᠣᠬᠠᠨ ᠳᠤ᠂ ᠡᠯ᠎ᠡ ᠰᠤᠷᠭᠠᠭᠤᠯᠢ ᠨᠢᠭᠡᠨᠲᠡ ᠰᠤᠷᠭᠠᠭᠤᠯᠢ | ᠡᠬᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ | ᠰᠡᠳᠬᠢᠯᠭᠡ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠣᠳᠠᠲᠠᠢ ᠨᠠᠷᠢᠯᠢᠭ ᠠᠳᠬᠤᠵᠤ᠂ | ᠠᠮᠤᠷ ᠲᠦᠪᠰᠢᠨ ᠤ ᠬᠥᠮᠦᠵᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠣᠯᠤᠨ ᠡᠯ᠎ᠡ | ᠵᠦᠢᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ | ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠤᠷᠭᠠᠭᠤᠯᠢ ᠶᠢᠨ | ᠲᠥᠪᠯᠡᠷᠡᠭᠦᠯᠦᠨ ᠬᠤᠭᠤᠯᠠ ᠢᠳᠡᠬᠦ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠭᠠᠯ ᠤᠨᠲᠠᠷᠠᠭᠠᠬᠤ ᠲᠥᠬᠦᠭᠡᠷᠦᠮᠵᠢ ᠶᠢ ᠪᠠᠶᠢᠴᠠᠭᠠᠬᠤ᠂ ᠬᠠᠮᠠᠭᠠᠯᠠᠬᠤ ᠪᠠ ᠠᠷᠠᠴᠢᠯᠠᠬᠤ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠪᠦᠬᠦᠯᠢ ᠴᠣᠭᠴᠠ ᠶᠢᠨ ᠣᠷᠴᠢᠨ | ᠲᠣᠭᠤᠷᠢᠨ ᠤ ᠠᠮᠤᠷ ᠲᠦᠪᠰᠢᠨ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠰᠤᠷᠤᠭᠴᠢᠳ ᠤᠨ | ᠡᠷᠡᠭᠦᠯ ᠮᠡᠨᠳᠦ ᠠᠮᠤᠷ ᠲᠦᠪᠰᠢᠨ ᠤ ᠦᠰᠦᠨ ᠪᠤᠶᠢᠵᠢᠯᠲᠠ ᠶᠢ ᠬᠠᠮᠠᠭᠠᠯᠠᠬᠤ ᠬᠡᠷᠡᠭᠲᠡᠶ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |