ᠴᠧᠩ ᠭᠤᠸᠠᠨ ᠪᠠᠯᠭᠠᠰᠤ ᠶᠢᠨ ᠬᠢᠨ ᠨᠠᠮ ᠤᠨ ᠲᠠᠭᠤᠨ ᠢ ᠲᠦᠮᠡᠨ ᠡᠷᠦᠬᠡ ᠳᠤ ᠬᠦᠷᠭᠡᠬᠦ ︱ ︽ᠵᠢᠵᠢᠭ ᠰᠠᠨᠳᠠᠯᠢ ᠶᠢᠨ ᠬᠢᠴᠢᠶᠡᠯ ᠤᠨ ᠲᠠᠩᠬᠢᠮ︾ ᠤᠨ ᠤᠨᠤᠯ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/14
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢᠨ ᠲᠥᠯᠥᠭᠡ᠂ 9 ᠰᠠᠷ᠎ᠠ ᠶᠢᠨ 9 ᠤ ᠡᠳᠦᠷ᠂ ᠴᠧᠩ ᠭᠤᠸᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭ᠎ᠠ ᠵᠣᠯ ᠵᠢᠷᠭᠠᠯᠲᠤ ᠨᠡᠶᠢᠭᠡᠮ ᠲᠣᠭᠤᠷᠢᠭ ᠨᠠᠮ ᠤᠨ ᠲᠠᠭᠤᠨ ᠢ ᠲᠦᠮᠡᠨ ᠡᠷᠦᠬᠡ ᠳᠤ ᠬᠦᠷᠭᠡᠬᠦ — ︽ᠵᠢᠵᠢᠭ ᠰᠠᠨᠳᠠᠯᠢ ᠬᠢᠴᠢᠶᠡᠯ ᠤᠨ ᠲᠠᠩᠬᠢᠮ︾ ᠤᠨ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠶ ᠳᠤ ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠤᠯᠬᠤ ᠶᠢ ᠠᠬᠢᠭᠤᠯᠪᠠ᠃      ᠠᠵᠢᠯᠯᠠᠭ᠎ᠠ ᠶᠢᠨ ᠳᠤᠮᠳᠠ᠂ ᠪᠠᠯᠭᠠᠰᠤᠨ ᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︾ ᠶᠢᠨ ᠣᠨᠣᠯ ᠤᠨ ᠬᠥᠩᠭᠡᠨ ᠮᠣᠷᠢᠲᠤ ᠴᠡᠷᠢᠭ ᠤᠨ ᠰᠠᠯᠪᠤᠷᠢ ᠪᠠᠭ᠎ᠠ ᠠᠩᠭᠢ ᠶᠢᠨ ᠤᠬᠠᠭᠤᠯᠤᠨ ᠲᠠᠶᠢᠯᠪᠤᠷᠢᠯᠠᠭᠴᠢ ᠠᠨ ᠢᠦᠶ ᠹᠧᠩ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ︽ᠵᠢᠷᠭᠤᠭᠠᠨ ᠵᠠᠶᠢᠯᠠᠰᠢ ᠥᠬᠡᠶ ᠱᠠᠭᠠᠷᠳᠠᠯᠭ᠎ᠠ︾ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠬᠤ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠶ ᠲᠠᠶᠢᠯᠪᠤᠷᠢᠯᠠᠬᠤ ᠪᠠ ᠭᠦᠨᠵᠡᠭᠡᠶ ᠲᠠᠶᠢᠯᠪᠤᠷᠢᠯᠠᠪᠠ᠃ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ ᠠᠷᠠᠳ ᠣᠯᠠᠨ ᠤ ᠲᠠᠨᠢᠯᠲᠠ ᠶᠢ ᠦᠨᠡᠨ ᠬᠦ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠣᠯᠠᠨ ᠲᠦᠮᠡᠨ ᠤ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠪᠠ ᠢᠲᠡᠭᠡᠯ ᠵᠣᠷᠢᠭ ᠢ ᠬᠥᠭᠵᠢᠭᠡᠪᠡ᠃      ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠵᠣᠷᠢᠯᠭ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ︽ᠰᠠᠶᠢᠨ ᠳᠠᠭᠤᠤ︾ ᠶᠢ ᠠᠷᠠᠳ ᠣᠯᠠᠨ ᠤ ᠴᠢᠬᠢᠨ ᠳᠤ᠂ ᠰᠡᠳᠬᠢᠯ ᠵᠢᠷᠦᠬᠡᠨ ᠳᠤ ᠳᠠᠮᠵᠢᠭᠤᠯᠬᠤ ᠶᠢᠨ ᠲᠥᠯᠥᠭᠡ ᠶᠤᠮ᠃ ᠳᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨᠤᠯ ᠤᠨ ᠬᠥᠩᠭᠡᠨ ᠮᠣᠷᠢᠲᠤ ᠴᠡᠷᠢᠭ ᠤᠨ ᠰᠠᠯᠪᠤᠷᠢ ᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠤᠯᠠᠨ ᠲᠦᠮᠡᠨ ᠬᠠᠮᠢᠭ᠎ᠠ ᠪᠠᠶᠢᠪᠠᠯ ᠵᠢᠵᠢᠭ ᠰᠠᠨᠳᠠᠯᠢ ᠪᠠᠶᠢᠪᠠᠯ ᠲᠡᠨᠳᠡ ᠨᠡᠭᠦᠯᠭᠡᠬᠦ ᠶᠢ ᠪᠠᠷᠢᠮᠲᠠᠯᠠᠵᠤ᠂ ᠤᠬᠠᠭᠤᠯᠤᠨ ᠲᠠᠶᠢᠯᠪᠤᠷᠢᠯᠠᠬᠤ ᠬᠢᠴᠢᠶᠡᠯ ᠤᠨ ᠲᠠᠩᠬᠢᠮ ᠢ ᠲᠡᠨᠳᠡ ᠲᠤᠬᠢᠷᠠᠭᠤᠯᠪᠠ᠃ ᠤᠯᠠᠨ ᠲᠦᠮᠡᠨ ᠤ ᠳᠡᠷᠭᠡᠳᠡᠬᠢ ︽ᠪᠠᠭ᠎ᠠ︾ ᠬᠢᠴᠢᠶᠡᠯ ᠤᠨ ᠲᠠᠩᠬᠢᠮ᠂ ︽ᠪᠢᠴᠢᠯ︾ ᠤᠨ ᠵᠢᠭᠰᠠᠭᠠᠯ ᠤᠨ ᠭᠠᠵᠠᠷ ᠢ ᠪᠠᠶᠢᠭᠤᠯᠬᠤ ᠪᠠᠷ ᠳᠠᠮᠵᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠨᠳᠦᠰᠦᠨ ᠱᠠᠲᠤᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3