ᠯᠢ ᠺᠠᠶ ᠳ᠋ᠦᠩ ᠨᠠᠮᠤᠷ ᠤᠨ ᠤᠯᠠᠷᠢᠯ ᠤᠨ ᠲᠠᠷᠢᠶᠠᠯᠠᠩ ᠤᠨ ᠦᠶ᠋ᠯᠡᠳᠪᠦᠷᠢᠯᠡᠯ ᠵᠢᠴᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/19
     ᠣᠶᠢᠷ᠎ᠠ ᠶᠢᠨ ᠬᠤᠭᠤᠴᠠᠭᠠᠨ ᠳᠤ ᠬᠤᠷ᠎ᠠ ᠲᠣᠨᠣᠳᠠᠰᠤ ᠣᠯᠠᠨᠲᠠ ᠡᠭᠦᠰᠴᠦ᠂ ᠮᠠᠨ ᠤ ᠰᠢᠶᠠᠨ ᠤ ᠬᠡᠰᠡᠭ ᠰᠢᠶᠠᠩ ᠪᠠᠯᠭᠠᠰᠤᠨ ᠤ ᠲᠠᠷᠢᠮᠠᠯ ᠤᠨ ᠨᠠᠮᠤᠷ ᠤᠨ ᠬᠤᠷᠢᠶᠠᠯᠲᠠ ᠨᠥᠯᠥᠭᠡᠯᠡᠭᠳᠡᠪᠡ᠃ 9 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠳ᠋ᠠ ᠺᠦ᠋ ᠯᠢᠶᠠᠨ ᠰᠢᠶᠠᠩ᠂ ᠪᠦᠯᠬᠦᠮᠳᠡᠯ ᠰᠢᠶᠠᠩ ᠳᠤ ᠭᠦᠨᠵᠡᠭᠡᠶᠢᠷᠡᠨ ᠨᠠᠮᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠵᠢᠴᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠬᠠᠮᠢᠶ᠎ᠠ ᠪᠦᠬᠦᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠩ ᠰᠢᠤ ᠯᠦᠩ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧᠦ ᡁᠢ ᠶᠦᠩ ᠣᠷᠣᠯᠴᠠᠪᠠ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠦᠶᠡᠷ ᠢ ᠰᠡᠷᠭᠡᠶᠢᠯᠡᠬᠦ ᠪᠠ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠃ ᠬᠠᠳᠤᠵᠤ ᠬᠤᠷᠢᠶᠠᠬᠤ ᠮᠠᠰᠢᠨ᠂ ᠬᠠᠳᠠᠭᠠᠬᠤ ᠰᠤᠪᠤᠷᠭ᠎ᠠ ᠵᠡᠷᠭᠡ ᠲᠠᠷᠢᠶᠠᠯᠠᠩ ᠤᠨ ᠮᠠᠰᠢᠨ ᠢ ᠭᠦᠢᠴᠡᠳ ᠲᠣᠬᠢᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠶᠠᠯᠠᠩ ᠤᠨ ᠵᠠᠪᠳᠤᠨ ᠬᠤᠷᠢᠶᠠᠬᠤ ᠠᠵᠢᠯ ᠢ ᠰᠠᠶᠢᠲᠤᠷ ᠬᠢᠵᠦ᠂ ᠲᠠᠷᠢᠶᠠᠴᠢᠨ ᠡᠷᠦᠬᠡ ᠶᠢᠨ ᠬᠤᠬᠢᠷᠠᠯ ᠢ ᠠᠯᠢ ᠴᠢᠳᠠᠬᠤ ᠪᠠᠷ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ᠃ ᠭᠠᠮᠰᠢᠭᠳᠠᠭᠰᠠᠨ ᠪᠠᠶᠢᠳᠠᠯ ᠢ ᠨᠠᠷᠢᠨ ᠨᠢᠭᠲᠠ ᠵᠢᠭᠰᠠᠭᠠᠨ ᠪᠠᠶᠢᠴᠠᠭᠠᠵᠤ᠂ ᠡᠯ᠎ᠡ ᠵᠦᠢᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠳᠠᠭᠠᠳᠬᠠᠯ ᠤᠨ ᠲᠥᠯᠥᠪᠦᠷᠢ ᠥᠭᠬᠦ ᠠᠵᠢᠯ ᠢ ᠲᠦᠷᠭᠡᠳᠬᠡᠨ᠂ ᠲᠠᠷᠢᠶᠠᠴᠢᠳ ᠢ ᠴᠠᠭ ᠲᠤᠬᠠᠶ ᠳᠤᠨᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠶ᠃ ᠦᠶᠡᠷ ᠤᠨ ᠬᠤᠭᠤᠴᠠᠭᠠᠨ ᠤ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠢ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠪᠣᠷᠣᠭᠠᠨ ᠣᠷᠣᠬᠤ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠬᠥᠳᠡᠭᠡ ᠲᠣᠰᠬᠤᠨ ᠤ ᠦᠶᠡᠷ ᠢ ᠰᠡᠷᠭᠡᠶᠢᠯᠡᠬᠦ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠭᠦᠰᠦᠮᠡᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠦᠶᠡᠷ ᠢ ᠰᠡᠷᠭᠡᠶᠢᠯᠡᠬᠦ ᠪᠠ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠃ ᠬᠠᠳᠤᠵᠤ ᠬᠤᠷᠢᠶᠠᠬᠤ ᠮᠠᠰᠢᠨ᠂ ᠬᠠᠳᠠᠭᠠᠬᠤ ᠰᠤᠪᠤᠷᠭ᠎ᠠ ᠵᠡᠷᠭᠡ ᠲᠠᠷᠢᠶᠠᠯᠠᠩ ᠤᠨ ᠮᠠᠰᠢᠨ ᠢ ᠭᠦᠢᠴᠡᠳ ᠲᠣᠬᠢᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠶᠠᠯᠠᠩ ᠤᠨ ᠵᠠᠪᠳᠤᠨ ᠬᠤᠷᠢᠶᠠᠬᠤ ᠠᠵᠢᠯ ᠢ ᠰᠠᠶᠢᠲᠤᠷ ᠬᠢᠵᠦ᠂ ᠲᠠᠷᠢᠶᠠᠴᠢᠨ ᠡᠷᠦᠬᠡ ᠶᠢᠨ ᠬᠤᠬᠢᠷᠠᠯ ᠢ ᠠᠯᠢ ᠴᠢᠳᠠᠬᠤ ᠪᠠᠷ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ᠃ ᠭᠠᠮᠰᠢᠭᠳᠠᠭᠰᠠᠨ ᠪᠠᠶᠢᠳᠠᠯ ᠢ ᠨᠠᠷᠢᠨ ᠨᠢᠭᠲᠠ ᠵᠢᠭᠰᠠᠭᠠᠨ ᠪᠠᠶᠢᠴᠠᠭᠠᠵᠤ᠂ ᠡᠯ᠎ᠡ ᠵᠦᠢᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠳᠠᠭᠠᠳᠬᠠᠯ ᠤᠨ ᠲᠥᠯᠥᠪᠦᠷᠢ ᠥᠭᠬᠦ ᠠᠵᠢᠯ ᠢ ᠲᠦᠷᠭᠡᠳᠬᠡᠨ᠂ ᠲᠠᠷᠢᠶᠠᠴᠢᠳ ᠢ ᠴᠠᠭ ᠲᠤᠬᠠᠶ ᠳᠤᠨᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠶ᠃ ᠦᠶᠡᠷ ᠤᠨ ᠬᠤᠭᠤᠴᠠᠭᠠᠨ ᠤ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠢ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠪᠣᠷᠣᠭᠠᠨ ᠣᠷᠣᠬᠤ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠬᠥᠳᠡᠭᠡ ᠲᠣᠰᠬᠤᠨ ᠤ ᠦᠶᠡᠷ ᠢ ᠰᠡᠷᠭᠡᠶᠢᠯᠡᠬᠦ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠭᠦᠰᠦᠮᠡᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3