ᠰᠢᠩ ᠾᠧ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠰᠡᠳᠦᠪᠲᠦ ᠵᠥᠪᠯᠡᠬᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/2
     8 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠰᠢᠩ ᠾᠧ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠰᠢᠩ ᠬᠤᠸᠠ ᠨᠡᠶᠢᠭᠡᠮ ᠲᠣᠭᠤᠷᠢᠭ ᠤᠨ ᠨᠢᠭᠡ ᠲᠥᠷᠥᠯ ᠰᠠᠳᠤᠨ ᠠᠬ᠎ᠠ ᠳᠡᠭᠦᠦ ᠨᠡᠷ ᠤᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ︾ ᠭᠡᠬᠦ ᠲᠤᠰᠬᠠᠶ ᠰᠡᠳᠦᠪᠲᠦ ᠵᠥᠪᠳᠡᠯᠴᠡᠭᠡᠨ ᠤ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠬᠤᠭᠤᠯᠠᠨ ᠬᠡᠷ ᠤᠨ ᠬᠠᠷᠢᠭᠤᠴᠠᠯᠭᠠᠲᠠᠨ ᠡᠩ ᠲᠡᠷᠢᠭᠦᠨ ᠳᠤ ᠬᠤᠭᠤᠯᠠᠨ ᠬᠡᠷ ᠤᠨ ᠡᠵᠡᠩᠨᠡᠯᠲᠡ ᠶᠢᠨ ᠪᠠᠶᠢᠳᠠᠯ᠂ ᠢᠳᠡᠭᠡᠨ ᠢ ᠰᠢᠢᠳᠪᠦᠷᠢᠯᠡᠬᠦ ᠶᠠᠪᠤᠴᠠ᠂ ᠬᠤᠭᠤᠯᠠ ᠢᠳᠡᠬᠦ ᠬᠥᠮᠦᠨ ᠤ ᠲᠤᠭ᠎ᠠ ᠵᠡᠷᠭᠡ ᠪᠠᠶᠢᠳᠠᠯ ᠵᠡᠷᠭᠡ ᠶᠢ ᠲᠠᠨᠢᠯᠴᠠᠭᠤᠯᠪᠠ᠃ ᠳᠠᠷᠠᠭ᠎ᠠ ᠨᠢ ᠰᠠᠭᠤᠭᠠᠯᠢ ᠠᠷᠠᠳ ᠤᠨ ᠲᠥᠯᠥᠭᠡᠯᠡᠭᠴᠢ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠭᠤᠯᠠᠨ ᠬᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠢᠳᠡᠭᠡᠨ ᠤ ᠠᠮᠤᠷ ᠲᠦᠪᠰᠢᠨ ᠪᠠ ᠠᠵᠢᠯᠯᠠᠵᠤ ᠪᠠᠶᠢᠭ᠎ᠠ ᠬᠥᠮᠦᠰ ᠤᠨ ᠬᠠᠮᠢᠶᠠᠷᠤᠯᠲᠠ ᠶᠢᠨ ᠠᠰᠠᠭᠤᠳᠠᠯ ᠤᠨ ᠲᠣᠭᠤᠷᠢᠨ ᠳᠤ ᠶᠠᠷᠢᠶ᠎ᠠ ᠲᠠᠯᠪᠢᠪᠠ᠃ ᠴᠧᠩ ᠭᠤᠸᠠᠨ ᠪᠠᠯᠭᠠᠰᠤᠨ ᠤ ᠵᠠᠰᠠᠭ ᠤᠨ ᠣᠷᠳᠣᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠬᠦᠷᠢᠶ᠎ᠡ ᠪᠠᠨ ᠦᠨᠳᠦᠰᠦᠯᠡᠨ᠂ ᠨᠢᠭᠡᠳ ᠨᠢᠭᠡ ᠪᠠᠷ ᠵᠣᠬᠢᠴᠠᠩᠭᠤᠶ ᠬᠠᠷᠢᠭᠤᠯᠲᠠ ᠥᠭᠪᠡ᠃      ᠬᠤᠭᠤᠯᠠᠨ ᠬᠡᠷ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠲᠦᠷᠢᠮ ᠢ ᠬᠢᠨᠠᠮᠠᠭᠠᠶ ᠭᠦᠢᠴᠡᠳᠬᠡᠵᠦ᠂ ᠠᠵᠢᠯᠯᠠᠵᠤ ᠪᠠᠶᠢᠭ᠎ᠠ ᠬᠥᠮᠦᠰ ᠤᠨ ᠪᠣᠯᠪᠠᠰᠤᠷᠠᠭᠤᠯᠤᠯ ᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠬᠠᠳᠠᠭᠠᠯᠠᠬᠤ᠂ ᠶᠠᠩᠵᠤ ᠦᠯᠡᠳᠡᠭᠡᠬᠦ᠂ ᠤᠬᠢᠶᠠᠵᠤ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠮᠤᠷ ᠲᠦᠪᠰᠢᠨ᠂ ᠠᠮᠲᠠ ᠰᠢᠮᠲᠡ᠂ ᠰᠢᠮ᠎ᠡ ᠲᠡᠵᠢᠭᠡᠯ ᠤᠨ ᠬᠤᠭᠤᠯᠠ ᠨᠣᠭᠤᠭ᠎ᠠ ᠬᠠᠩᠭᠠᠨ᠎ᠠ ᠭᠡᠵᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠴᠤ ᠵᠢᠯᠣᠭᠤᠳᠬᠤ ᠪᠠᠨ ᠴᠢᠩᠭᠠᠳᠬᠠᠵᠤ᠂ ᠡᠵᠡᠩᠨᠡᠯᠲᠡ ᠶᠢ ᠵᠢᠷᠤᠮᠵᠢᠭᠤᠯᠤᠨ᠂ ᠬᠠᠲᠠᠭᠤ ᠲᠣᠨᠤᠭ ᠤᠨ ᠲᠥᠬᠦᠭᠡᠷᠦᠮᠵᠢ ᠶᠢ ᠵᠦᠶ ᠵᠣᠬᠢᠰᠲᠠᠶ ᠪᠠᠶᠢᠷᠢᠯᠠᠭᠤᠯᠵᠤ᠂ ᠢᠳᠡᠭᠡᠨ ᠤ ᠠᠮᠤᠷ ᠲᠦᠪᠰᠢᠨ ᠤ ᠶᠠᠰᠤ ᠴᠢᠨᠠᠷ ᠢ ᠴᠢᠩᠭ᠎ᠠ ᠬᠢᠵᠠᠭᠠᠷᠯᠠᠨ᠂ ᠨᠠᠰᠤᠲᠠᠶᠢᠴᠤᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠠᠰᠤᠲᠠᠶᠢᠴᠤᠳ ᠲᠤ ᠵᠣᠯ ᠵᠢᠷᠭᠠᠯᠲᠤ ︽ᠢᠳᠡᠬᠦ︾ ᠭᠡᠷᠡᠯ ᠭᠡᠭᠡ ᠶᠢ ᠡᠳ᠋ᠯᠡᠭᠦᠯᠦᠨ᠎ᠡ ᠭᠡᠵᠦ ᠢᠯᠡᠷᠬᠡᠶᠢᠯᠡᠪᠡ᠃      ᠲᠣᠰ ᠤᠳᠠᠭᠠᠨ ᠤ ᠵᠥᠪᠳᠡᠯᠴᠡᠭᠡᠨ ᠤ ᠬᠤᠷᠠᠯ ᠨᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠥᠭᠦᠷᠭᠡ ᠬᠤᠯᠪᠣᠭᠠᠰᠤ ᠶᠢᠨ ᠤᠶᠢᠯᠡᠳᠤᠯ ᠢᠶᠠᠨ ᠭᠦᠢᠴᠡᠳ ᠪᠠᠳᠠᠷᠠᠭᠤᠯᠵᠤ᠂ ᠠᠷᠠᠳ ᠣᠯᠠᠨ ᠤ ︽ᠪᠠᠴᠢᠮ ᠪᠡᠷᠬᠡ ᠵᠣᠪᠠᠨᠢᠯ︾ ᠢ ᠲᠥᠯᠥᠭᠡᠯᠡᠭᠴᠢ ᠭᠡᠰᠢᠭᠦᠳ ᠤᠨ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ᠠᠰᠠᠭᠤᠳᠠᠯ ᠢ ᠲᠤᠰᠬᠠᠬᠤ᠂ ᠠᠰᠠᠭᠤᠳᠠᠯ ᠢ ᠰᠢᠢᠳᠪᠤᠷᠢᠯᠡᠬᠦ ᠬᠡᠷᠡᠭ ᠵᠥᠪᠯᠡᠬᠦ ᠲᠠᠪᠴᠠᠩ ᠢ ᠪᠠᠶᠢᠭᠤᠯᠵᠤ᠂ ᠬᠠᠮᠲᠤᠷᠠᠯ ᠬᠦᠴᠦᠨ ᠢ ᠨᠢᠭᠲᠠᠷᠠᠭᠤᠯᠤᠨ ᠳᠠᠷᠤᠭ᠎ᠠ ᠨᠠᠷ ᠤᠨ ᠬᠤᠭᠤᠯᠠᠨ ᠬᠡᠷ ᠤᠨ ᠡᠯ᠎ᠡ ᠵᠤᠶᠢᠯ ᠤᠨ ᠠᠵᠢᠯ ᠢ ᠨᠠᠷᠢᠯᠢᠭ ᠪᠣᠳᠠᠲᠠᠶ ᠬᠢᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3