ᠬᠤᠸᠠᠩ ᠲᠤ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾᠎ ᠲᠠᠢ ᠬᠤᠯᠪᠣᠭᠠᠯᠠᠨ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠲᠣᠬᠤᠨᠢᠭᠤᠯᠵᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/22
     ᠨᠠᠮᠤᠷ ᠤᠨ ᠠᠭᠤᠷ ᠠᠮᠢᠰᠭᠤᠯ ᠲᠠᠭᠠᠲᠠᠢ᠂ ᠠᠯᠲᠠᠨ ᠬᠦᠢ ᠠᠩᠬᠢᠯᠤᠮ᠎ᠠ ᠦᠨᠦᠷ ᠬᠠᠩᠬᠤᠯᠵᠤ᠂ ᠡᠨᠡ ᠬᠦ ᠲᠥᠭᠦᠷᠢᠭ ᠪᠣᠯᠤᠨ ᠮᠥᠷᠥᠭᠡᠳᠦᠨ ᠶᠠᠷᠢᠯᠴᠠᠭᠰᠠᠨ ᠰᠠᠢᠨ ᠰᠠᠢᠬᠠᠨ ᠪᠠᠶᠠᠷ ᠤᠨ ᠡᠳᠦᠷ᠂ ᠬᠤᠤ ᠲᠤ ᠲᠣᠰᠭᠤᠨ ᠤ ᠱᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠣᠯᠤᠨ ᠲᠣᠰᠭᠤᠨ ᠤ ︽ᠬᠤᠶᠠᠷ ᠲᠥᠯᠥᠭᠡᠯᠡᠭᠴᠢ ᠨᠢᠭᠡ ᠭᠡᠱᠢᠭᠦᠨ ᠤ ᠭᠡᠷ︾᠎ ᠲᠠᠢ ᠬᠠᠮᠲᠤᠷᠠᠨ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠠᠴᠠ ᠡᠮᠦᠨᠡᠬᠡᠨ᠂ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ ᠤ ᠭᠡᠷ︾᠎ ᠤᠨ ᠬᠠᠷᠢᠭᠤᠴᠠᠯᠭᠠᠲᠠᠨ ᠳ᠋ᠤᠸᠠᠨ ᠵᠦᠩ ᠵᠠᠪᠠᠯ ᠲᠣᠰᠬᠤᠨ ᠤ ᠳᠣᠲᠣᠷᠠᠬᠢ ᠪᠠᠶᠠᠵᠢᠯ ᠤᠨ ᠲᠠᠭᠠᠭᠤᠯᠤᠬᠴᠢ ᠱᠧᠨ ᠶᠠ ᠰᠢᠶᠦ᠋ᠨ ᠲᠠᠢ ᠬᠠᠷᠢᠯᠴᠠᠵᠤ᠂ ᠲᠣᠰᠬᠤᠨ ᠤ ᠠᠷᠠᠳ ᠤᠨ ᠵᠥᠪᠯᠡᠯ ᠳᠤ 30 ᠬᠠᠶᠢᠷᠴᠠᠭ ᠨᠠᠢᠮᠠᠨ ᠰᠠᠷ᠎ᠠ ᠶᠢᠨ ᠲᠡᠷᠭᠡᠯ ᠰᠠᠷᠠᠨ ᠤ ᠪᠣᠣᠪᠤ ᠬᠠᠨᠳᠢᠪᠯᠠᠵᠤ᠂ ᠲᠣᠰᠬᠤᠨ ᠤ ᠳᠣᠲᠣᠷᠠᠬᠢ ᠶᠠᠳᠠᠭᠤ ᠬᠦᠴᠢᠷᠳᠡᠯᠲᠡᠢ ᠡᠷᠦᠬᠡ ᠳᠤ ᠨᠢᠭᠡ ᠬᠤᠪᠢ ᠬᠠᠶᠢᠷ᠎ᠠ ᠬᠠᠯᠠᠮᠵᠢ ᠬᠦᠷᠭᠡᠪᠡ᠃      ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠨ ᠲᠠᠢ ᠤᠳᠠᠭᠠᠨ ᠶᠠᠷᠢᠯᠴᠠᠵᠤ᠂ ᠲᠥᠯᠥᠭᠡᠯᠡᠭᠴᠢ ᠭᠡᠰᠢᠭᠦᠳ ᠨᠠᠰᠤᠲᠠᠶᠢᠴᠤᠳ ᠤᠨ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ ᠢ ᠯᠠᠪᠯᠠᠨ ᠠᠰᠠᠭᠤᠪᠠ᠃ ᠨᠠᠰᠤᠲᠠᠶᠢᠴᠤᠳ ᠳᠣᠲᠣᠭᠠᠳᠤ ᠰᠡᠳᠬᠢᠯ ᠤᠨ ᠪᠠᠶᠠᠷ ᠪᠠᠭ᠋ᠠᠳᠤᠯᠲᠠ ᠪᠠᠨ ᠢᠯᠡᠳᠬᠡᠵᠦ᠂ ᠲᠣᠰᠬᠤᠨ ᠤ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠪᠣᠯᠤᠨ ᠲᠥᠯᠥᠭᠡᠯᠡᠭᠴᠢᠳ ᠤᠨ ᠰᠡᠳᠬᠢᠯ ᠤᠨ ᠲᠠᠯᠠᠷᠬᠠᠯ ᠢᠶᠠᠨ ᠢᠯᠡᠳᠬᠡᠵᠡᠶ᠃      ᠡᠨᠡ ᠤᠳᠠᠭᠠᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠲᠣᠬᠤᠨᠢᠭᠤᠯᠬᠤ ᠠᠵᠢᠯᠯᠠᠭ᠎ᠠ ᠨᠢ ᠨᠢᠭᠡ ᠤᠳᠠᠭᠠᠨ ᠤ ᠲᠥᠬᠦᠮ ᠪᠣᠳᠠᠰ ᠤᠨ ᠬᠦᠷᠭᠡᠯᠲᠡ ᠪᠣᠯᠬᠤ ᠪᠠᠷ ᠪᠠᠷᠠᠬᠤ ᠥᠬᠡᠶ᠂ ᠨᠠᠩ ᠴᠤ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠶᠢᠰᠢᠳᠠ᠂ ᠬᠤᠸᠠᠩ ᠲᠤ ᠲᠣᠰᠬᠤᠨ ᠦᠷᠭᠦᠯᠵᠢᠯᠡᠨ ︽ᠬᠥᠮᠦᠨ ᠢᠶᠠᠷ ᠦᠨᠳᠦᠰᠦ ᠪᠣᠯᠭᠠᠵᠤ᠂ ᠦᠢᠯᠡᠴᠢᠯᠡᠬᠦ ᠶᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠲᠣᠰᠬᠤᠨ ᠤ ᠠᠷᠠᠳ ᠨᠢᠭᠡᠪᠦᠷᠢ ᠳᠤ ᠴᠥᠮ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠵᠣᠯ ᠵᠢᠷᠭᠠᠯᠲᠤ ᠬᠥᠳᠡᠭᠡ ᠲᠣᠰᠬᠤᠨ ᠤ ᠰᠢᠨ᠎ᠡ ᠠᠮᠢᠳᠤᠷᠠᠯ ᠢ ᠬᠠᠮᠲᠤᠪᠠᠷ ᠵᠢᠷᠤᠭᠯᠠᠬᠤ ᠪᠠᠷ ᠴᠢᠷᠮᠠᠶᠢᠨ᠎ᠠ᠃                 ᠢᠷᠡᠯᠲᠡ᠄ ᠦᠨᠳᠦᠰᠦᠲᠡᠨ ᠤ ᠪᠦᠯᠬᠦᠮᠳᠡᠯ ᠰᠢᠶᠠᠩ ᠤᠨ ᠠᠷᠠᠳ ᠤᠨ ᠵᠠᠰᠠᠭ ᠤᠨ ᠣᠷᠳᠣᠨ         ᠵᠤᠬᠢᠶᠠᠭᠴᠢ᠄ ᠦᠨᠳᠦᠰᠦᠲᠡᠨ ᠤ ᠪᠦᠯᠬᠦᠮᠳᠡᠯ ᠰᠢᠶᠠᠩ ᠤᠨ ᠠᠷᠠᠳ ᠤᠨ ᠵᠠᠰᠠᠭ ᠤᠨ ᠣᠷᠳᠣᠨ         ᠤᠷᠴᠢᠭᠤᠯᠤᠭᠴᠢ᠄ ᠨᠠᠷᠠᠰᠤ         ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3