ᠯᠢ ᠺᠠᠶ ᠳ᠋ᠦᠩ ︽ᠳᠥᠷᠪᠡᠨ ᠥᠬᠡᠶ ᠬᠤᠶᠠᠷ ᠰᠢᠭᠤᠳ︾ ᠠᠷᠭ᠎ᠠ ᠬᠡᠯᠪᠡᠷᠢ ᠪᠠᠷ ᠮᠠᠨ ᠤ ᠰᠢᠶᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠵᠡᠷᠭᠡ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/24
     9 ᠰᠠᠷ᠎ᠠ ᠶᠢᠨ 23᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ︽ᠳᠥᠷᠪᠡᠨ ᠥᠬᠡᠶ ᠬᠤᠶᠠᠷ ᠰᠢᠭᠤᠳ︾ ᠠᠷᠭ᠎ᠠ ᠬᠡᠯᠪᠡᠷᠢ ᠪᠠᠷ ᠮᠠᠨ ᠤ ᠰᠢᠶᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠵᠡᠷᠭᠡ ᠬᠤᠯᠪᠣᠭᠳᠠᠯ ᠪᠥᠬᠦᠶ ᠠᠵᠢᠯ ᠢ ᠪᠠᠶᠢᠴᠠᠭᠠᠨ ᠰᠤᠳᠤᠯᠪᠠ᠃ ᠯᠢ ᠺᠠᠶ ᠳ᠋ᠦᠩ ᠤᠷᠢᠳ ᠬᠤᠵᠢᠳ ᠹᠦ᠋ ᠷᠦᠢ ᠶᠢᠨ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠭᠠᠯ ᠤᠨᠲᠠᠷᠠᠭᠠᠬᠤ ᠪᠡᠶ᠎ᠡ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠬᠦᠷᠴᠦ᠂ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠨᠢᠭᠡᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠨᠢᠭᠡᠴᠡ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢᠶᠠᠨ ᠨᠢᠭᠲᠠᠷᠠᠭᠤᠯᠵᠤ᠂ ᠲᠥᠷᠥᠯ ᠵᠦᠢᠯ ᠢ ᠠᠬᠢᠭᠤᠯᠬᠤ ᠳᠤᠮᠳᠠᠬᠢ ᠬᠦᠴᠢᠷ ᠠᠰᠠᠭᠤᠳᠠᠯ ᠪᠠ ᠲᠦᠭᠵᠢᠷᠡᠯ ᠢ ᠣᠨᠣᠪᠴᠢᠲᠠᠶ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠲᠦᠷᠦᠯ ᠵᠦᠢᠯ ᠤᠨ ᠠᠬᠢᠴᠠ ᠪᠣᠯᠤᠨ ᠠᠶᠤᠯᠭᠦᠢ ᠦᠢᠯᠡᠳᠪᠦᠷᠢᠯᠡᠯ ᠤᠨ ︽ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ︾᠎ ᠶᠢ ᠪᠠᠷᠢᠮᠲᠠᠯᠠᠵᠤ᠂ ᠪᠦᠳᠦᠭᠡᠨ ᠪᠠᠶᠢᠭᠤᠯᠤᠯᠲᠠ ᠪᠠᠷᠢᠯᠭ᠎ᠠ ᠶᠢᠨ ︽ᠰᠢᠵᠢᠷ ᠠᠯᠳᠠᠨ ᠬᠤᠭᠤᠴᠠᠭ᠎ᠠ︾᠎ ᠶᠢ ᠴᠢᠩᠭ᠎ᠠ ᠠᠳᠬᠤᠬᠤ ᠪᠠᠷ ᠪᠠᠷᠠᠬᠤ ᠦᠭᠡᠢ ᠪᠠᠰᠠ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠢᠩᠭᠠᠯᠠᠵᠤ᠂ ᠠᠮᠤᠷ ᠲᠦᠪᠰᠢᠨ ᠪᠣᠯᠤᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠭᠤᠭᠴᠤᠭ᠎ᠠ ᠨᠢᠭᠡᠪᠦᠷᠢ᠂ ᠴᠤᠪᠤᠷᠠᠯ ᠨᠢᠭᠡᠪᠦᠷᠢ ᠶᠢᠨ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠦᠷᠦᠯ ᠵᠦᠢᠯ ᠢ ᠡᠷᠲᠡᠬᠡᠨ ᠪᠦᠳᠦᠭᠡᠨ ᠪᠠᠶᠢᠭᠤᠯᠬᠤ᠂ ᠡᠷᠲᠡᠬᠡᠨ ᠠᠰᠢᠭᠯᠠᠯᠲᠠ ᠳᠤ ᠣᠷᠣᠭᠤᠯᠬᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃

               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ

               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ

               ᠤᠷᠴᠢᠭᠤᠯᠤᠭᠴᠢ᠄ ᠮᠥᠩᠭᠦᠨᠰᠤᠶᠢᠬᠡ

               ᠬᠢᠨᠠᠨ ᠬᠠᠷᠭᠤᠭᠤᠯᠤᠭᠴᠢ᠄ ᠨᠠᠷᠠᠰᠤ

 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3