9 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ︽ᠳᠥᠷᠪᠡᠨ ᠥᠬᠡᠶ ᠬᠤᠶᠠᠷ ᠰᠢᠭᠤᠳ︾ ᠠᠷᠭ᠎ᠠ ᠬᠡᠯᠪᠡᠷᠢ ᠪᠠᠷ ᠮᠠᠨ ᠤ | ᠰᠢᠶᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠵᠡᠷᠭᠡ ᠬᠤᠯᠪᠣᠭᠳᠠᠯ | ᠪᠥᠬᠦᠶ ᠠᠵᠢᠯ ᠢ ᠪᠠᠶᠢᠴᠠᠭᠠᠨ ᠰᠤᠳᠤᠯᠪᠠ᠃ ᠯᠢ ᠺᠠᠶ ᠳ᠋ᠦᠩ ᠤᠷᠢᠳ ᠬᠤᠵᠢᠳ ᠹᠦ᠋ ᠷᠦᠢ ᠶᠢᠨ ᠶᠢᠰᠦᠨ ᠵᠢᠯ ᠤᠨ | ᠳᠦᠷᠢᠮᠲᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠭᠠᠯ ᠤᠨᠲᠠᠷᠠᠭᠠᠬᠤ ᠪᠡᠶ᠎ᠡ ᠶᠢᠨ | ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠷᠢᠯᠭ᠎ᠠ ᠶᠢᠨ ᠲᠤᠬᠠᠶ ᠶᠢᠨ ᠭᠠᠵᠠᠷ ᠲᠤ ᠬᠦᠷᠴᠦ᠂ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ | ᠪᠠᠷᠢᠯᠭ᠎ᠠ ᠶᠢᠨ ᠨᠢᠭᠡᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠯᠢ ᠺᠠᠶ ᠳ᠋ᠦᠩ ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠨᠢᠭᠡᠴᠡ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ | ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢᠶᠠᠨ ᠨᠢᠭᠲᠠᠷᠠᠭᠤᠯᠵᠤ᠂ | ᠲᠥᠷᠥᠯ ᠵᠦᠢᠯ ᠢ ᠠᠬᠢᠭᠤᠯᠬᠤ ᠳᠤᠮᠳᠠᠬᠢ ᠬᠦᠴᠢᠷ ᠠᠰᠠᠭᠤᠳᠠᠯ ᠪᠠ ᠲᠦᠭᠵᠢᠷᠡᠯ ᠢ ᠣᠨᠣᠪᠴᠢᠲᠠᠶ ᠰᠢᠢᠳᠪᠦᠷᠢᠯᠡᠵᠦ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠲᠦᠷᠦᠯ ᠵᠦᠢᠯ ᠤᠨ ᠠᠬᠢᠴᠠ ᠪᠣᠯᠤᠨ | ᠠᠶᠤᠯᠭᠦᠢ ᠦᠢᠯᠡᠳᠪᠦᠷᠢᠯᠡᠯ ᠤᠨ ︽ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ︾ | ᠶᠢ ᠪᠠᠷᠢᠮᠲᠠᠯᠠᠵᠤ᠂ ᠪᠦᠳᠦᠭᠡᠨ ᠪᠠᠶᠢᠭᠤᠯᠤᠯᠲᠠ ᠪᠠᠷᠢᠯᠭ᠎ᠠ ᠶᠢᠨ ︽ᠰᠢᠵᠢᠷ ᠠᠯᠳᠠᠨ ᠬᠤᠭᠤᠴᠠᠭ᠎ᠠ︾ ᠶᠢ ᠴᠢᠩᠭ᠎ᠠ | ᠠᠳᠬᠤᠬᠤ ᠪᠠᠷ ᠪᠠᠷᠠᠬᠤ ᠦᠭᠡᠢ ᠪᠠᠰᠠ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠢᠩᠭᠠᠯᠠᠵᠤ᠂ ᠠᠮᠤᠷ | ᠲᠦᠪᠰᠢᠨ ᠪᠣᠯᠤᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠭᠤᠭᠴᠤᠭ᠎ᠠ ᠨᠢᠭᠡᠪᠦᠷᠢ᠂ | ᠴᠤᠪᠤᠷᠠᠯ ᠨᠢᠭᠡᠪᠦᠷᠢ ᠶᠢᠨ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠦᠷᠦᠯ ᠵᠦᠢᠯ ᠢ ᠡᠷᠲᠡᠬᠡᠨ ᠪᠦᠳᠦᠭᠡᠨ ᠪᠠᠶᠢᠭᠤᠯᠬᠤ᠂ ᠡᠷᠲᠡᠬᠡᠨ | ᠠᠰᠢᠭᠯᠠᠯᠲᠠ ᠳᠤ ᠣᠷᠣᠭᠤᠯᠬᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠬᠤ | ᠬᠡᠷᠡᠭᠲᠡᠢ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ | |