9 ᠰᠠᠷ᠎ᠠ ᠶᠢᠨ 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠹᠠᠩ ᠪᠦᠯᠬᠦᠮ ᠳᠠᠭᠠᠭᠤᠯᠤᠨ᠂ ᠬᠡᠰᠡᠭ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠮᠠᠨ ᠤ | ᠰᠢᠶᠠᠨ ᠳᠤ ᠰᠠᠭᠤᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ | ᠪᠠᠶᠢᠭᠤᠯᠵᠤ ᠮᠠᠨ ᠤ ᠰᠢᠶᠠᠨ ᠳᠤ ᠬᠦᠷᠴᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ | ᠲᠥᠪᠯᠡᠷᠡᠭᠦᠯᠦᠨ ᠪᠠᠶᠢᠴᠠᠭᠠᠨ ᠦᠵᠡᠪᠡ᠂ ᠰᠢᠶᠠᠨ ᠤ ᠤᠳᠤᠷᠢᠳᠤᠯᠭ᠎ᠠ ᠸᠠᠩ ᠬᠤᠶ ᠢᠦᠶ᠂ ᠯᠢ ᠺᠠᠶ ᠳ᠋ᠦᠩ᠂ ᠵᠣᠣ | ᠷᠦᠢ᠂ ᠯᠢ ᠵᠢᠶᠦ᠋ᠨ᠂ ᠾᠧᠦ ᠶᠢᠩ ᠪᠠᠶᠢᠴᠠᠭᠠᠨ ᠦᠵᠡᠬᠦ ᠳᠤ ᠣᠷᠣᠯᠴᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠠᠨ ᠮᠧᠢ ᠤᠯᠠᠨ ᠤᠯᠤᠰ ᠤᠨ | ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠬᠠᠢ ᠲᠠᠢ ᠰᠢᠨ ᠨᠧᠩ ︵ᠰᠢᠩ ᠾᠧ︶ ᠰᠢᠨ᠎ᠡ ᠡᠨᠧᠷᠭᠢ ᠶᠢᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠦᠩ ᠱᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ | ᠵᠢᠶᠠᠩᠰᠦ ᠶᠢᠨ ᠳ᠋ᠧ ᠯᠢ ᠡᠯ ᠤᠳᠤ ᠦᠶ᠎ᠡ ᠶᠢᠨ ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠰᠢᠩ ᠡᡁᠧ | ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ ᠤ ᠭᠡᠷ︾ ᠤᠨ ᠬᠤᠯᠪᠣᠭ᠎ᠠ ᠠᠪᠬᠤ ᠠᠯᠪᠠᠨ ᠭᠡᠷ᠂ ᠰᠢᠩ | ᠡᡁᠧ ᠰᠢᠶᠠᠨ ᠤ ᠹᠦ᠋ ᠷᠦᠢ ᠰᠤᠷᠭᠠᠭᠤᠯᠢ᠂ ᠥᠪᠥᠷ ᠮᠣᠩᠭᠤᠯ ᠤᠨ ᠴᠤᠸᠠᠨ ᠱᠦᠨ ᠲᠠᠷᠢᠶᠠᠯᠠᠩ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠰᠢᠩ ᠡᡁᠧ ᠰᠢᠶᠠᠨ ᠤ ᠲᠠᠷᠢᠶᠠᠯᠠᠩ ᠤᠨ ᠲᠤᠰᠠᠯᠠᠬᠤ ᠦᠢᠯᠡᠳᠬᠦᠨ ᠤ | ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠤᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠭᠠᠵᠠᠷ ᠢᠶᠠᠷ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠦᠢᠯᠡᠳᠪᠦᠷᠢᠯᠡᠯ ᠤᠨ | ᠬᠡᠪᠴᠢᠶ᠎ᠡ ᠶᠢᠨ ᠪᠠᠶᠢᠳᠠᠯ ᠢ ᠨᠠᠷᠢᠨ ᠤᠶᠢᠯᠠᠭᠠᠪᠠ᠃ | ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠪᠠᠷ ᠳᠠᠮᠵᠢᠨ᠂ ᠰᠢᠨᠵᠢᠯᠡᠨ ᠪᠠᠶᠢᠴᠠᠭᠠᠬᠤ ᠳᠤᠭᠤᠶᠢᠯᠠᠩ ᠮᠠᠨ ᠤ | ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠣᠯᠤᠭᠰᠠᠨ ᠦᠷ᠎ᠡ ᠪᠦᠲᠦᠮᠵᠢ ᠶᠢ | ᠭᠦᠢᠴᠡᠳ ᠨᠤᠲᠠᠯᠠᠭᠰᠠᠨ ᠪᠥᠭᠡᠳ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠᠬᠢ | ᠠᠰᠠᠭᠤᠳᠠᠯ ᠤᠨ ᠲᠣᠭᠤᠷᠢᠨ ᠳᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ | ᠂ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃ ᠰᠢᠨᠵᠢᠯᠡᠨ ᠪᠠᠶᠢᠴᠠᠭᠠᠬᠤ ᠳᠤᠭᠤᠶᠢᠯᠠᠩ᠂ | ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠬᠤ᠂ ᠵᠣᠬᠢᠴᠠᠭᠤᠯᠬᠤ᠂ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠳᠤ ᠰᠠᠶᠢᠨ ᠰᠠᠶᠢᠬᠠᠨ ᠣᠷᠴᠢᠨ | ᠲᠣᠭᠤᠷᠢᠨ ᠢ ᠡᠭᠦᠳᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ᠂ | ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠳᠡᠭᠡᠳᠦ ᠱᠠᠲᠤᠨ ᠤ ᠬᠠᠮᠢᠶ᠎ᠠ | ᠪᠥᠬᠦᠶ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ | ᠠᠵᠤ ᠦᠢᠯᠡᠰ ᠤᠨ ᠪᠦᠲᠦᠴᠡ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠡᠷᠡᠭᠲᠡᠶ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |