ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠢᠯᠡᠳᠲᠡ ᠤᠯᠤᠰ ᠲᠦᠷᠦ ᠶᠢᠨ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠵᠤ ᠠᠮᠢᠳᠤ ᠴᠣᠪᠣᠭᠤᠯᠢᠭ ᠲᠦᠪᠰᠢᠷᠡᠨ ᠪᠦᠯᠬᠦᠮᠳᠡᠭᠰᠡᠨ ᠤᠯᠤᠰ ᠲᠥᠷᠥ ᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠯᠢ ᠴᠢᠶᠠᠩ ᠵᠤᠤ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠣᠷᠣᠯᠴᠠᠵᠠᠢ ᠸᠠᠩ ᠬᠤ᠋ ᠨᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/9/25
    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 20᠎ ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠥᠬᠦ ᠤᠯᠤᠰ ᠤᠨ ᠤᠯᠤᠰ ᠲᠥᠷᠥ ᠶᠢᠨ ᠵᠦᠪᠯᠡᠯᠭᠡᠨ 20᠎ ᠤ ᠦᠳᠡ ᠶᠢᠨ ᠡᠮᠦᠨ᠎ᠡ ᠪᠥᠬᠦ ᠤᠯᠤᠰ ᠤᠨ ᠤᠯᠤᠰ ᠲᠥᠷᠥ ᠶᠢᠨ ᠵᠦᠪᠯᠡᠯᠭᠡᠨ ᠤ ᠶᠣᠰᠣᠯᠠᠯ ᠤᠨ ᠲᠠᠩᠬᠢᠮ ᠳᠤ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠦᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠢᠳᠡ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠨᠡᠩ ᠪᠠᠲᠤᠳᠬᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠦᠭᠵᠢᠬᠦᠯᠬᠦ ᠳᠤᠮᠳᠠ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠢᠯᠡᠳᠲᠡ ᠤᠯᠤᠰ ᠲᠦᠷᠦ ᠶᠢᠨ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠵᠤ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃    ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠡᠭᠡ ᠬᠤᠷᠠᠯ ᠳᠤ ᠣᠷᠣᠯᠴᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠶᠡᠭᠡ ᠬᠤᠷᠠᠯ ᠢ ᠡᠷᠭᠢᠯᠡᠪᠡ᠃    ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠮᠠᠷᠺᠰ ᠯᠧᠨᠢᠨ ᠤ ᠦᠵᠡᠯ ᠤᠨ ᠨᠢᠭᠡᠳᠦᠮᠡᠯ ᠹᠷᠣᠨᠲ ᠤᠨ ᠤᠨᠦᠯ᠂ ᠲᠦᠷᠦ ᠶᠢᠨ ᠨᠠᠮ ᠤᠨ ᠤᠨᠤᠯ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠭᠰᠠᠨ ᠠᠭᠤᠤ ᠶᠡᠭᠡ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠪᠦᠯᠭᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ ᠤᠳᠤᠷᠢᠳᠤᠨ ᠤᠯᠤᠰ ᠲᠦᠷᠦ ᠶᠢᠨ ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ ᠡᠭᠦᠳᠦᠯᠲᠡ ᠪᠠᠶᠢᠵᠤ᠂ ᠭᠦᠨ ᠵᠤᠵᠠᠭᠠᠨ ᠰᠣᠶᠣᠯ ᠤᠨ ᠰᠠᠭᠤᠷᠢ᠂ ᠤᠨᠤᠯ ᠤᠨ ᠰᠠᠭᠤᠷᠢ᠂ ᠦᠢᠯᠡᠳᠦᠯᠭᠡ ᠶᠢᠨ ᠰᠠᠭᠤᠷᠢ ᠲᠠᠢ᠂ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠪᠠ ᠢᠯᠡᠳᠲᠡ ᠤᠯᠤᠰ ᠲᠥᠷᠥ ᠶᠢᠨ ᠳᠠᠪᠠᠭᠤᠯᠢᠭ ᠲᠠᠢ ᠶᠤᠮ᠂ ᠰᠢᠨᠵᠢᠯᠡᠬᠦ ᠤᠬᠠᠭᠠᠨᠴᠢ᠂ ᠪᠦᠳᠦᠮᠵᠢᠳᠡᠢ᠂ ᠲᠤᠰᠠᠲᠠᠢ ᠪᠠᠶᠢᠭᠤᠯᠤᠯ ᠤᠨ ᠲᠣᠬᠢᠷᠠᠭᠤᠯᠤᠯᠲᠠ ᠮᠥᠨ᠂ ᠬᠥᠮᠥᠨ ᠲᠥᠷᠥᠯᠬᠢᠲᠡᠨ ᠤ ᠤᠯᠤᠰ ᠲᠥᠷᠥ ᠶᠢᠨ ᠪᠠᠶᠢᠭᠤᠯᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠥᠪᠡᠷᠮᠢᠴᠡ ᠤᠯᠤᠰ ᠲᠥᠷᠥ ᠶᠢᠨ ᠦᠨ᠎ᠡ ᠥᠷᠲᠡᠭ ᠲᠠᠢ ᠶᠤᠮ ᠭᠡᠳᠡᠭ ᠢ 75 ᠵᠢᠯ ᠤᠨ ᠲᠤᠷᠰᠢᠬᠢ ᠦᠢᠯᠡᠳᠦᠯᠭᠡ ᠭᠦᠢᠴᠡᠳ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠪᠠᠶᠢᠳᠠᠯ ᠡᠭᠦᠷᠭᠡ ᠳᠤ ᠵᠣᠬᠢᠴᠠᠵᠤ᠂ ᠦᠢᠯᠡᠳᠦᠯᠭᠡ ᠶᠢᠨ ᠰᠢᠨ᠎ᠡ ᠶᠢ ᠡᠭᠦᠳᠦᠭᠰᠡᠨ ᠰᠠᠭᠤᠷᠢᠨ ᠳᠡᠭᠡᠷ᠎ᠡ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠣᠨᠣᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠭᠤᠣᠯᠳᠠᠭᠤ᠄ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠤᠯᠬᠤ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠭᠤᠣᠯ ᠭᠤᠭᠴᠤᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠠ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠪᠠ᠃ ᠡᠨᠡ 10 ᠵᠦᠢᠯ ᠨᠢ ᠮᠠᠨ ᠤ ᠨᠠᠮ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ 75 ᠵᠢᠯ ᠤᠨ ᠲᠤᠷᠰᠢᠬᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠶᠢᠨ ᠲᠥᠪᠯᠡᠷᠡᠩᠭᠦᠢ ᠢᠯᠡᠷᠡᠯ ᠪᠣᠯᠣᠨ᠎ᠠ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠂ ᠡᠷᠬᠡᠪᠰᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠦᠢᠯᠡᠳᠦᠯᠭᠡ ᠶᠢᠨ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
   9 ᠰᠠᠷ᠎ᠠ ᠶᠢᠨ 20᠎ ᠤ ᠦᠳᠡ ᠶᠢᠨ ᠡᠮᠦᠨ᠋᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠥᠬᠦ ᠤᠯᠤᠰ ᠤᠨ ᠤᠯᠤᠰ ᠲᠥᠷᠥ ᠶᠢᠨ ᠵᠦᠪᠯᠡᠯᠭᠡᠨ ᠪᠥᠬᠦ ᠤᠯᠤᠰ ᠤᠨ ᠤᠯᠤᠰ ᠲᠥᠷᠥ ᠶᠢᠨ ᠵᠦᠪᠯᠡᠯᠭᠡᠨ ᠤ ᠶᠣᠰᠣᠯᠠᠯ ᠤᠨ ᠲᠠᠩᠬᠢᠮ ᠳᠤ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠦᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦ᠋ᠢ ᠫᠧᠩ ᠰᠡᠬᠦᠳᠡᠷᠯᠡᠪᠡ    ᠰᠢ ᠶᠢᠨ ᠫᠢᠩ᠂ ᠵᠥᠪᠯᠡᠬᠦ ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠣᠨᠴᠠᠭᠠᠢ ᠭᠡᠯᠪᠡᠷᠢ ᠪᠠ ᠥᠪᠡᠷᠮᠢᠴᠡ ᠳᠠᠪᠠᠭᠤᠯᠢᠭ ᠮᠥᠨ᠂ ᠨᠠᠮ ᠤᠨ ᠤᠯᠠᠨ ᠲᠦᠮᠡᠨᠴᠢ ᠱᠤᠭᠤᠮ ᠤᠨ ᠤᠯᠤᠰ ᠲᠦᠷᠦ ᠶᠢᠨ ᠬᠦᠷᠢᠶᠡᠨ ᠳᠠᠬᠢ ᠴᠢᠬᠤᠯᠠ ᠢᠯᠡᠷᠡᠯ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠵᠥᠪᠯᠡᠬᠦ ᠠᠷᠠᠳᠴᠢᠯᠠᠯ ᠤᠨ ᠰᠢᠰᠲ᠋ᠧᠮ ᠢ ᠨᠢᠭᠡᠳᠦᠯᠲᠡᠢ ᠲᠥᠯᠥᠪᠵᠢᠭᠦᠯᠦᠨ ᠲᠡᠭᠦᠯᠳᠡᠷᠵᠢᠭᠦᠯᠵᠦ᠂ ᠵᠥᠪᠯᠡᠬᠦ ᠠᠷᠠᠳᠴᠢᠯᠠᠯ ᠤᠨ ᠲᠣᠭᠲᠠᠴᠠ ᠶᠢ ᠬᠦᠴᠦᠯᠡᠨ ᠪᠦᠷᠢᠨᠰᠢᠭᠦᠯᠵᠦ᠂ ᠵᠥᠪᠯᠡᠬᠦ ᠠᠷᠭ᠎ᠠ ᠭᠡᠯᠪᠡᠷᠢ ᠪᠠ ᠲᠠᠪᠴᠠᠩ ᠢ ᠲᠠᠰᠤᠷᠠᠯᠳᠠ ᠦᠭᠡᠢ ᠥᠷᠭᠡᠳᠬᠡᠵᠦ᠂ ᠰᠠᠶᠢᠨ ᠰᠠᠶᠢᠬᠠᠨ ᠠᠭᠤᠷ ᠠᠮᠢᠰᠬᠤᠯ ᠪᠠ ᠨᠥᠬᠦᠴᠡᠯ ᠢ ᠢᠳᠡᠪᠬᠢᠲᠡᠢ ᠪᠤᠢ ᠪᠤᠯᠭᠠᠵᠤ᠂ ᠵᠥᠪᠯᠡᠬᠦ ᠠᠷᠠᠳᠴᠢᠯᠠᠯ ᠢ ᠥᠷᠭᠡᠨ ᠳᠡᠯᠭᠡᠷ ᠤᠯᠠᠨ ᠳᠠᠪᠬᠤᠷᠭ᠎ᠠ ᠪᠠᠷ ᠳᠦᠷᠢᠮᠵᠢᠭᠦᠯᠦᠨ ᠬᠥᠭᠵᠢᠭᠦᠯᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠦᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠵᠤ᠂ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠡᠨ ᠲᠡᠯᠭᠡᠷ ᠢᠶᠠᠷ ᠬᠥᠮᠦᠰ ᠤᠨ ᠰᠡᠳᠭᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠣᠯ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠭᠤᠣᠯ ᠲᠡᠩᠭᠡᠯᠢᠭ ᠮᠥᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠤᠭᠤᠳᠬᠤ ᠶᠡᠷᠦᠩᠬᠡᠢ ᠬᠥᠲᠥᠯᠪᠦᠷᠢ ᠮᠥᠨ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠢᠯᠡ ᠲᠣᠳᠣ ᠤᠯᠤᠰ ᠲᠦᠷᠦ ᠶᠢᠨ ᠰᠢᠨᠵᠢ ᠴᠢᠨᠠᠷ ᠢ ᠭᠦᠨᠵᠡᠭᠡᠢ ᠲᠠᠨᠢᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠡᠯ᠎ᠡ ᠨᠠᠮ ᠪᠦᠯᠦᠭ ᠪᠦᠯᠭᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠤᠯᠤᠰ ᠲᠦᠷᠦ ᠶᠢᠨ ᠲᠠᠯ᠎ᠠ ᠪᠠᠷ ᠤᠯᠠᠮ ᠨᠢᠭᠡ ᠠᠯᠬᠤᠮ ᠪᠦᠯᠬᠦᠮᠳᠡᠨ ᠬᠠᠮᠲᠤᠷᠠᠯᠴᠠᠬᠤ᠂ ᠦᠵᠡᠯ ᠰᠠᠨᠠᠭᠠᠨ ᠤ ᠲᠠᠯ᠎ᠠ ᠪᠠᠷ ᠬᠠᠮᠲᠤ ᠪᠠᠷ ᠲᠠᠪᠰᠢᠬᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠠᠯᠬᠤᠮ ᠨᠢᠭᠡᠲᠡᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠴᠢᠳᠠᠪᠤᠷᠢᠲᠠᠨ ᠲᠥᠪᠯᠡᠷᠡᠭᠰᠡᠨ᠂ ᠤᠶᠤᠨ ᠴᠢᠳᠠᠪᠤᠷᠢ ᠲᠥᠪᠯᠡᠷᠡᠭᠰᠡᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠠᠰᠠᠭᠤᠳᠠᠯ ᠬᠦᠴᠢᠷ ᠠᠰᠠᠭᠤᠳᠠᠯ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ ᠵᠥᠪᠯᠡᠬᠦ ᠮᠠᠶ᠋ᠢᠭ ᠤᠨ ᠬᠢᠨᠠᠯᠲᠠ ᠲᠠᠯᠪᠢᠬᠤ ᠳᠠᠪᠠᠭᠤᠯᠢᠭ ᠢ ᠪᠠᠳᠠᠷᠠᠭᠤᠯᠵᠤ᠂ ᠨᠠᠮ ᠪᠠ ᠤᠯᠤᠰ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠨᠢᠭᠡᠳᠦᠮᠡᠯ ᠹᠷᠣᠨᠲ ᠤᠨ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠦᠢᠯᠡᠳᠦᠯ ᠢ ᠪᠠᠳᠠᠷᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠪᠣᠯᠣᠨ ᠱᠠᠰᠢᠨ ᠰᠤᠷᠲᠠᠬᠤᠨ ᠤ ᠬᠥᠮᠥᠰ ᠤᠨ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠲᠠᠢ ᠥᠷᠭᠡᠨ ᠢᠶᠠᠷ ᠪᠦᠯᠬᠦᠮᠳᠡᠨ ᠬᠠᠷᠢᠯᠴᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ ᠰᠠᠶᠢᠲᠤᠷ ᠵᠢᠷᠤᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠬᠢᠬᠦ ᠪᠠ ᠪᠤᠰᠤᠳ ᠵᠥᠪᠯᠡᠯᠭᠡ ᠬᠢᠬᠦ ᠭᠡᠯᠪᠡᠷᠢ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠭᠦᠨᠵᠡᠭᠡᠢ ᠵᠥᠪᠯᠡᠯᠭᠡ ᠬᠢᠵᠦ ᠬᠤᠷᠰᠢᠯᠴᠠᠬᠤ᠂ ᠰᠠᠨᠠᠯ ᠢᠶᠠᠨ ᠭᠦᠢᠴᠡᠳ ᠢᠯᠡᠳᠬᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ᠂ ᠤᠯᠠᠨ ᠲᠦᠮᠡᠨ ᠲᠠᠢ ᠬᠠᠷᠢᠯᠴᠠᠬᠤ᠂ ᠠᠷᠠᠳ ᠲᠦᠮᠡᠨ ᠳᠤ ᠦᠢᠯᠡᠴᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠵᠢᠯ ᠢ ᠢᠯᠡᠭᠦᠬᠡᠨ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠲᠦᠷᠦ ᠶᠢᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠭᠢᠮᠯᠡᠭᠦ᠂ ᠵᠠᠩ ᠰᠤᠷᠲᠠᠯ ᠢ ᠴᠢᠬᠤᠯᠠᠴᠢᠯᠠᠬᠤ ᠨᠢᠭᠡᠨ ᠰᠠᠯᠠᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠩᠨᠡᠭᠡ ᠶᠢ ᠪᠠᠶᠢᠭᠤᠯᠬᠤ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠯᠠᠭ᠎ᠠ ᠪᠠᠨ ᠴᠢᠨᠠᠷ ᠰᠠᠶᠢᠲᠠᠢ ᠭᠦᠢᠴᠡᠳᠬᠡᠬᠦ ᠶᠢᠨ ᠴᠢᠬᠤᠯᠠ ᠪᠠᠲᠤᠯᠠᠭ᠎ᠠ ᠮᠥᠨ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤᠯᠤᠰ ᠲᠦᠷᠦ ᠶᠢᠨ ᠪᠡᠶ᠎ᠡ ᠶᠢᠨ ᠭᠠᠷᠤᠯ ᠢᠶᠠᠨ ᠨᠠᠨᠳᠢᠩᠨᠠᠵᠤ᠂ ᠤᠯᠤᠰ ᠲᠦᠷᠦ ᠶᠢᠨ ᠬᠡᠪ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠ ᠡᠭᠦᠷᠭᠡᠯᠡᠯ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠥᠪᠯᠡᠯᠭᠡ ᠥᠭᠬᠦ᠂ ᠵᠥᠪᠯᠡᠬᠦ ᠠᠷᠠᠳᠴᠢᠯᠠᠯ᠂ ᠤᠯᠤᠰ ᠤᠨ ᠵᠠᠰᠠᠯᠲᠠ ᠶᠢᠨ ᠨᠢᠭᠡᠳᠦᠭᠡᠷ ᠹᠷᠣᠨᠲ ᠤᠨ ᠪᠣᠳᠠᠲᠠᠢ ᠦᠢᠯᠡᠳᠦᠯᠭᠡ ᠳᠤ ᠣᠷᠤᠯᠴᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠪᠠᠨ ᠭᠦᠢᠴᠡᠳᠬᠡᠬᠦ ᠶᠢ ᠳᠡᠮᠵᠢᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠠ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠸᠠᠩ ᠬᠤ᠋ ᠨᠢᠩ ᠶᠡᠭᠡ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠡᠦᠬᠡᠨ ᠳᠠᠬᠢ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠪᠠ ᠢᠯᠡᠳᠲᠡ ᠤᠯᠤᠰ ᠲᠥᠷᠥ ᠶᠢᠨ ᠳᠠᠪᠠᠭᠤᠯᠢᠭ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷ ᠣᠯᠠᠨ ᠳᠠᠪᠬᠤᠷᠭᠠᠲᠤ ᠪᠠᠶᠢᠭᠤᠯᠤᠯᠲᠤ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠳᠤ ᠲᠣᠳᠣᠷᠬᠠᠢ ᠱᠠᠭᠠᠷᠳᠠᠯᠭ᠎ᠠ ᠳᠤᠷᠠᠳᠴᠤ ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠪᠠ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠨᠡᠪᠲᠡᠷᠬᠡᠢ ᠭᠦᠨᠵᠡᠭᠡᠢ᠂ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠶᠤᠮ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠢ ᠬᠢᠵᠦ᠂ ︽ᠬᠤᠶᠠᠷ ᠢ ᠲᠣᠭᠲᠠᠭᠠᠭᠰᠠᠨ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾᠎ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠡᠭ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠲᠤᠰᠢᠶᠠᠯ ᠢ ᠡᠭᠦᠷᠭᠡᠯᠡᠵᠦ ᠥᠩᠭᠡᠷᠡᠭᠰᠡᠨ ᠠᠬᠠᠮᠠᠳ ᠨᠥᠬᠦᠳ ᠶᠡᠭᠡ ᠬᠤᠷᠠᠯ ᠳᠤ ᠣᠷᠣᠯᠴᠠᠪᠠ᠃    ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠪᠣᠯᠣᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠪᠡᠭᠡᠵᠢᠩ ᠳᠤ ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠬᠤᠯᠪᠣᠭᠳᠠᠯ ᠪᠦᠬᠦᠢ ᠲᠠᠯ᠎ᠠ ᠶᠢᠨ ᠲᠥᠯᠥᠭᠡᠯᠡᠭᠴᠢ ᠵᠡᠷᠭᠡ 800 ᠰᠢᠬᠠᠮ ᠬᠥᠮᠥᠨ ᠶᠡᠭᠡ ᠬᠤᠷᠠᠯ ᠳᠤ ᠣᠷᠣᠯᠴᠠᠵᠠᠢ᠃
 
ᠢᠷᠡᠯᠲᠡ᠄ ᠦᠪᠡᠷ ᠮᠤᠩᠭᠤᠯ  ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3