ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠠᠨ ᠤ ᠰᠢᠶᠠᠨ ᠳᠤ ᠭᠦᠨᠵᠡᠭᠡᠶᠢᠷᠡᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠤᠨ ᠲᠤᠬᠠᠶ ᠲᠥᠪᠯᠡᠷᠡᠭᠦᠯᠦᠨ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/25
      9 ᠰᠠᠷ᠎ᠠ ᠶᠢᠨ 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠹᠠᠩ ᠪᠦᠯᠬᠦᠮ ᠳᠠᠭᠠᠭᠤᠯᠤᠨ᠂ ᠬᠡᠰᠡᠭ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠮᠠᠨ ᠤ ᠰᠢᠶᠠᠨ ᠳᠤ ᠰᠠᠭᠤᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠮᠠᠨ ᠤ ᠰᠢᠶᠠᠨ ᠳᠤ ᠬᠦᠷᠴᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠦᠵᠡᠪᠡ᠂ ᠰᠢᠶᠠᠨ ᠤ ᠤᠳᠤᠷᠢᠳᠤᠯᠭ᠎ᠠ ᠸᠠᠩ ᠬᠤᠶ ᠢᠦᠶ᠂ ᠯᠢ ᠺᠠᠶ ᠳ᠋ᠦᠩ᠂ ᠵᠣᠣ ᠷᠦᠢ᠂ ᠯᠢ ᠵᠢᠶᠦ᠋ᠨ᠂ ᠾᠧᠦ ᠶᠢᠩ ᠪᠠᠶᠢᠴᠠᠭᠠᠨ ᠦᠵᠡᠬᠦ ᠳᠤ ᠣᠷᠣᠯᠴᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠠᠨ ᠮᠧᠢ ᠤᠯᠠᠨ ᠤᠯᠤᠰ ᠤᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠬᠠᠢ ᠲᠠᠢ ᠰᠢᠨ ᠨᠧᠩ ︵ᠰᠢᠩ ᠾᠧ︶ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠦᠩ ᠱᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠵᠢᠶᠠᠩᠰᠦ ᠶᠢᠨ ᠳ᠋ᠧ ᠯᠢ ᠡᠯ ᠤᠳᠤ ᠦᠶ᠎ᠡ ᠶᠢᠨ ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠰᠢᠩ ᠡᡁᠧ ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ ᠤ ᠭᠡᠷ︾ ᠤᠨ ᠬᠤᠯᠪᠣᠭ᠎ᠠ ᠠᠪᠬᠤ ᠠᠯᠪᠠᠨ ᠭᠡᠷ᠂ ᠰᠢᠩ ᠡᡁᠧ ᠰᠢᠶᠠᠨ ᠤ ᠹᠦ᠋ ᠷᠦᠢ ᠰᠤᠷᠭᠠᠭᠤᠯᠢ᠂ ᠥᠪᠥᠷ ᠮᠣᠩᠭᠤᠯ ᠤᠨ ᠴᠤᠸᠠᠨ ᠱᠦᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠰᠢᠩ ᠡᡁᠧ ᠰᠢᠶᠠᠨ ᠤ ᠲᠠᠷᠢᠶᠠᠯᠠᠩ ᠤᠨ ᠲᠤᠰᠠᠯᠠᠬᠤ ᠦᠢᠯᠡᠳᠬᠦᠨ ᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠭᠠᠵᠠᠷ ᠢᠶᠠᠷ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠦᠢᠯᠡᠳᠪᠦᠷᠢᠯᠡᠯ ᠤᠨ  ᠬᠡᠪᠴᠢᠶ᠎ᠡ ᠶᠢᠨ ᠪᠠᠶᠢᠳᠠᠯ ᠢ ᠨᠠᠷᠢᠨ  ᠤᠶᠢᠯᠠᠭᠠᠪᠠ᠃      ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠪᠠᠷ ᠳᠠᠮᠵᠢᠨ᠂ ᠰᠢᠨᠵᠢᠯᠡᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠪᠥᠭᠡᠳ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠᠬᠢ ᠠᠰᠠᠭᠤᠳᠠᠯ ᠤᠨ ᠲᠣᠭᠤᠷᠢᠨ ᠳᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃ ᠰᠢᠨᠵᠢᠯᠡᠨ ᠪᠠᠶᠢᠴᠠᠭᠠᠬᠤ ᠳᠤᠭᠤᠶᠢᠯᠠᠩ᠂ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠬᠤ᠂ ᠵᠣᠬᠢᠴᠠᠭᠤᠯᠬᠤ᠂ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠳᠡᠭᠡᠳᠦ ᠱᠠᠲᠤᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠠᠵᠤ ᠦᠢᠯᠡᠰ ᠤᠨ ᠪᠦᠲᠦᠴᠡ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3