ᠦ᠋ ᠬᠥ᠋ ᠴᠢᠤᠸᠠᠨ ᠰᠢᠶᠠᠩ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2024/9/25
     ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ ᠣᠶᠢᠷ᠎ᠠ ᠳᠤ᠂ ᠦ᠋ ᠬᠥ᠋ ᠴᠢᠤᠸᠠᠨ ᠰᠢᠶᠠᠩ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠣᠨᠣᠯ ᠤᠨ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠪᠡ᠃      ᠰᠢᠶᠠᠩ ᠤᠨ ᠱᠠᠲᠤᠨ ᠤ ᠭᠤᠣᠯ ᠰᠡᠳᠦᠪᠲᠦ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠰᠢᠶᠠᠨ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠶᠠᠩ ᠤᠨ ᠨᠠᠮ ᠤᠨ ᠬᠤᠷᠢᠶᠠᠨ ᠤ ᠱᠦᠵᠢ ᠪᠠᠢ ᠬᠤᠩ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠵᠦ᠂ ᠨᠠᠮ ᠠᠴᠠ ᠠᠷᠠᠳ ᠲᠦᠮᠡᠨ ᠢ ᠤᠳᠤᠷᠢᠳᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠦᠪᠡᠭᠴᠢᠯᠡᠨ ᠪᠠᠶᠢᠭᠤᠯᠤᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠣᠨᠴᠠᠯᠢᠭ᠂ ᠳᠠᠪᠠᠭᠤᠯᠢᠭ᠂ ᠦᠷ᠎ᠡ ᠪᠦᠲᠦᠮᠵᠢ ᠶᠢ ᠤᠬᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠯᠡᠷᠡᠭᠦᠯᠪᠡ᠃ ᠬᠤᠷᠠᠯ ᠳᠤ ᠣᠷᠣᠯᠴᠠᠭᠰᠠᠳ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠂ ᠣᠯᠠᠨ ᠢᠶᠠᠷ ᠢᠶᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠣᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠠᠷᠠᠳ ᠤᠨ ᠬᠦᠰᠡᠯ ᠰᠠᠨᠠᠭ᠎ᠠ ᠶᠢ ᠰᠣᠨᠣᠰᠴᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠲᠥᠯᠥᠭᠡᠯᠡᠭᠴᠢ ᠪᠣᠯᠤᠨ᠎ᠠ︾ ᠭᠡᠬᠦ ᠲᠥᠪ ᠴᠢᠩᠭ᠎ᠠ ᠠᠮᠠᠯᠠᠯᠲᠠ ᠪᠠᠨ ᠦᠢᠯᠡᠳᠦᠯᠭᠡᠵᠢᠭᠦᠯᠦᠨ᠎ᠡ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃      ᠲᠣᠰᠬᠤᠨ ᠤ ᠱᠠᠲᠤᠨ ᠤ ᠭᠤᠣᠯ ᠰᠡᠳᠦᠪᠲᠦ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠲᠥᠯᠥᠭᠡᠯᠡᠭᠴᠢᠳ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠬᠤ ᠶᠢᠨ ᠬᠠᠮᠲᠤ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠭᠰᠡᠨ ᠰᠢᠯᠢᠳᠡᠭ ᠦᠢᠯᠡ ᠠᠵᠢᠯᠯᠠᠭ᠎ᠠ ᠵᠡᠷᠭᠡ ᠶᠢ ᠲᠠᠶᠢᠯᠪᠤᠷᠢᠯᠠᠪᠠ᠃ ᠲᠠᠷᠠᠭᠠᠴᠢ ᠶᠢᠨ ᠠᠯᠬᠤᠮ ᠳᠤ᠂ ᠦ᠋ ᠭᠦ᠋ ᠴᠢᠤᠸᠠᠨ ᠰᠢᠶᠠᠩ ᠦᠷᠭᠦᠯᠵᠢᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠪᠡᠯᠭᠡᠯᠡᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠬᠡᠯᠪᠡᠷᠢ᠂ ᠤᠯᠠᠨ ᠠᠷᠭ᠎ᠠ᠂ ᠤᠯᠠᠨ ᠠᠷᠭ᠎ᠠ ᠵᠠᠮ ᠢᠶᠠᠷ ᠠᠵᠢᠯᠯᠠᠭ᠎ᠠ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠬᠥᠮᠦᠰ ᠤᠨ ᠰᠡᠳᠬᠢᠯ ᠳᠤ ᠨᠡᠩ ᠭᠦᠨᠵᠡᠭᠡᠶᠢᠷᠡᠬᠦ ᠶᠢ ᠠᠬᠢᠭᠤᠯᠵᠤ᠂ ᠲᠥᠯᠥᠭᠡᠯᠡᠭᠴᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡ ᠦᠭᠡ ᠬᠡᠯᠡᠵᠦ᠂ ᠠᠷᠠᠳ ᠤᠨ ᠲᠥᠯᠥᠭᠡ ᠦᠭᠡ ᠬᠡᠯᠡᠵᠦ᠂ ᠠᠷᠠᠳ ᠤᠨ ᠵᠣᠪᠠᠨᠢᠯ ᠢ ᠠᠷᠢᠯᠭᠠᠵᠤ᠂ ᠪᠦᠬᠦ ᠶᠠᠪᠤᠴᠠ ᠳᠤ ᠠᠷᠠᠳ ᠤᠨ ᠠᠷᠠᠳᠴᠢᠯᠠᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3