ᠸᠠᠩ ᠬᠤᠢ ᠢᠦᠢ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 19 ᠳ᠋ᠤᠭᠡᠷ ᠤᠳᠠᠭ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/30
      9 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 19 ᠳ᠋ᠤᠭᠡᠷ ᠤᠳᠠᠭ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠠᠶᠤᠯᠭᠦᠢ ᠦᠢᠯᠡᠳᠪᠦᠷᠢᠯᠡᠯ᠂ ︽ᠭᠤᠷᠪᠠ ᠶᠢ ᠪᠠᠲᠤᠯᠠᠬᠤ︾ ᠠᠵᠢᠯᠯᠠᠭᠠᠨ ᠵᠡᠷᠭᠡ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠩᠭᠠᠳᠬᠠᠭᠰᠠᠨ ᠨᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠠᠭ ᠤᠨ ᠳᠠᠷᠠᠭᠠᠯᠠᠯ ᠶᠣᠰᠣᠭᠠᠷ ᠠᠬᠢᠭᠤᠯᠵᠤ᠂ ᠥᠷᠭᠡᠨ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠬᠠᠮᠠᠭᠠᠯᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠪᠦᠬᠦ ᠨᠡᠶᠢᠭᠡᠮ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠲᠠᠷᠢᠮᠠᠯ ᠢ ᠵᠠᠪᠳᠤᠨ ᠬᠤᠷᠢᠶᠠᠬᠤ ᠠᠵᠢᠯ ᠢ ᠲᠦᠷᠭᠡᠳᠬᠡᠵᠦ᠂ ᠬᠤᠬᠢᠷᠠᠯ ᠢ ᠲᠣᠭᠲᠠᠭᠠᠵᠤ ᠲᠥᠯᠥᠪᠦᠷᠢ ᠥᠭᠬᠦ ᠶᠢ ᠢᠳᠡᠪᠬᠢᠲᠡᠢ ᠠᠬᠢᠭᠤᠯᠵᠤ᠂ ᠤᠯᠠᠨ ᠲᠦᠮᠡᠨ ᠤ ᠣᠷᠣᠯᠭ᠎ᠠ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠬᠦ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠬᠥᠭᠵᠢᠯ ᠮᠠᠨᠳᠤᠯ ᠤᠨ ᠣᠨᠴᠠᠯᠢᠭ ᠲᠤ ᠨᠡᠶᠢᠴᠡᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠪᠦᠬᠦ ᠰᠢᠶᠠᠨ ᠤ ᠭᠤᠣᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠶᠢ ᠢᠳᠡᠪᠬᠢᠲᠡᠢ ᠥᠷᠨᠢᠭᠦᠯᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠪᠠᠶᠢᠩᠭᠤ ᠶᠢᠨ ᠴᠢᠨᠠᠷᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠥᠯᠥᠭᠡᠯᠡᠭᠴᠢ ᠭᠡᠰᠢᠭᠦᠳ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠡᠶ᠎ᠡ ᠨᠠᠶᠢᠷᠠᠮᠳᠠᠭᠤ᠂ ᠱᠠᠰᠢᠨ ᠰᠤᠷᠲᠠᠬᠤᠨ ᠡᠶ᠎ᠡ ᠵᠣᠬᠢᠴᠠᠩᠭᠤᠢ᠂ ᠨᠡᠶᠢᠭᠡᠮ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃      ᠬᠤᠷᠠᠯ ᠠᠴᠠ  ᠴᠢᠩᠭᠠᠳᠬᠠᠭᠰᠠᠨ ᠨᠢ᠂ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠨᠡᠩ ᠶᠡᠭᠡ ᠡᠷᠴᠢᠮ ᠢᠶᠠᠷ ᠵᠣᠷᠢᠭᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠬᠦᠯᠵᠦ᠂ ᠰᠠᠬᠢᠯᠭ᠎ᠠ ᠪᠠᠲᠤ ᠶᠢ ᠰᠤᠷᠴᠤ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠢ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠷᠤᠯᠭ᠎ᠠ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠢ᠃    ᠬᠤᠷᠠᠯ ᠠᠴᠠ ᠴᠢᠩᠭᠠᠳᠬᠠᠭᠰᠠᠨ ᠨᠢ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠭᠠᠨ ᠱᠤᠭᠤᠮ ᠤᠨ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠪᠠ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮᠤᠷ ᠤᠨ ᠬᠤᠷᠢᠶᠠᠯᠲᠠ ᠶᠢᠨ ᠠᠶᠤᠯᠭᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3