ᠰᠠᠶᠢᠬᠤᠰᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠥᠪᠯᠡᠷᠡᠩᠭᠦᠶ ᠪᠣᠯᠪᠠᠰᠤᠷᠠᠭᠤᠯᠤᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/9/5
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠪᠣᠯᠣᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 29᠎ ᠤ ᠡᠳᠦᠷ᠂ ᠰᠠᠶᠢᠬᠤᠰᠤ ᠪᠠᠯᠭᠠᠰᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠭᠤᠯᠪᠠ ᠃ ᠪᠦᠬᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ᠶᠢᠨ ᠲᠤᠬᠠᠶ ᠭᠦᠨᠵᠡᠭᠡᠶ ᠨᠠᠷᠢᠨ ᠲᠠᠶᠢᠯᠤᠮᠵᠢ ᠬᠢᠪᠠ᠃ ᠪᠦᠬᠦ ᠲᠥᠯᠥᠭᠡᠯᠡᠭᠴᠢᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ ᠪᠠ ᠰᠢᠨ᠎ᠡ ᠠᠷᠭ᠎ᠠ ᠬᠡᠮᠵᠢᠶ᠎ᠡ ᠶᠢᠨ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃ ᠲᠥᠯᠥᠭᠡᠯᠡᠭᠴᠢᠳ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ︽ᠵᠠᠭᠤ ᠮᠢᠩᠭ᠎ᠠ ᠲᠦᠮᠡᠨ ᠢᠨᠵᠧᠨᠧᠷᠢᠩ︾᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠯᠠᠨ ᠲᠦᠮᠡᠨ ᠲᠠᠢ ᠨᠢᠭᠲᠠ ᠬᠠᠷᠢᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠳᠣᠲᠣᠭᠠᠳᠤ ᠳᠤ ᠪᠠᠨ ᠪᠣᠳᠠᠲᠠᠢ ᠠᠵᠢᠯᠯᠠᠭ᠎ᠠ ᠳᠤᠮᠳᠠ ᠪᠠᠨ ᠬᠤᠪᠢᠷᠠᠭᠤᠯᠵᠤ᠂ ᠰᠠᠶᠢᠬᠤᠰᠤ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃      ᠳᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠭᠤᠣᠯ ᠠᠷᠭ᠎ᠠ ᠵᠠᠮ ᠤᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠠᠷᠠᠳ ᠤᠨ ᠰᠠᠨᠠᠭ᠎ᠠ ᠶᠢ ᠥᠷᠭᠡᠨ ᠢᠶᠠᠷ ᠰᠣᠨᠣᠰᠴᠤ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃               ᠵᠤᠬᠢᠶᠠᠭᠴᠢ᠄ ᠰᠠᠶᠢᠬᠤᠰᠤ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3