ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠪᠣᠯᠣᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠰᠠᠶᠢᠬᠤᠰᠤ | ᠪᠠᠯᠭᠠᠰᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠭᠤᠯᠪᠠ | ᠃ ᠪᠦᠬᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ᠶᠢᠨ ᠲᠤᠬᠠᠶ ᠭᠦᠨᠵᠡᠭᠡᠶ ᠨᠠᠷᠢᠨ | ᠲᠠᠶᠢᠯᠤᠮᠵᠢ ᠬᠢᠪᠠ᠃ ᠪᠦᠬᠦ ᠲᠥᠯᠥᠭᠡᠯᠡᠭᠴᠢᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠠᠴᠠ ᠳᠤᠷᠠᠳᠤᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ ᠪᠠ ᠰᠢᠨ᠎ᠡ ᠠᠷᠭ᠎ᠠ ᠬᠡᠮᠵᠢᠶ᠎ᠡ ᠶᠢᠨ | ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃ ᠲᠥᠯᠥᠭᠡᠯᠡᠭᠴᠢᠳ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ︽ᠵᠠᠭᠤ ᠮᠢᠩᠭ᠎ᠠ ᠲᠦᠮᠡᠨ ᠢᠨᠵᠧᠨᠧᠷᠢᠩ︾᠂ ᠴᠢᠬᠤᠯᠠ | ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠠᠵᠢᠯ ᠤᠨ ᠪᠠᠶᠢᠷᠢ ᠳᠠᠭᠠᠨ | ᠰᠠᠭᠤᠷᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠯᠠᠨ ᠲᠦᠮᠡᠨ ᠲᠠᠢ ᠨᠢᠭᠲᠠ | ᠬᠠᠷᠢᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠳᠣᠲᠣᠭᠠᠳᠤ ᠳᠤ ᠪᠠᠨ | ᠪᠣᠳᠠᠲᠠᠢ ᠠᠵᠢᠯᠯᠠᠭ᠎ᠠ ᠳᠤᠮᠳᠠ ᠪᠠᠨ ᠬᠤᠪᠢᠷᠠᠭᠤᠯᠵᠤ᠂ ᠰᠠᠶᠢᠬᠤᠰᠤ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃ | ᠳᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠤᠨ ᠭᠤᠣᠯ ᠠᠷᠭ᠎ᠠ ᠵᠠᠮ ᠤᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠲᠥᠯᠥᠭᠡᠯᠡᠭᠴᠢᠳ ᠢ | ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠠᠷᠠᠳ ᠤᠨ ᠰᠠᠨᠠᠭ᠎ᠠ ᠶᠢ | ᠥᠷᠭᠡᠨ ᠢᠶᠠᠷ ᠰᠣᠨᠣᠰᠴᠤ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | | ᠵᠤᠬᠢᠶᠠᠭᠴᠢ᠄ ᠰᠠᠶᠢᠬᠤᠰᠤ ᠪᠠᠯᠭᠠᠰᠤ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |