2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠤᠭᠲᠤᠬᠤ ᠳᠠᠶᠢᠯᠠᠯᠭ᠎ᠠ ᠳᠡᠭᠡᠷᠡᠬᠢ ᠰᠠᠷᠬᠤᠳ ᠡᠷᠭᠦᠬᠦ ᠦᠭᠡ
ᠨᠡᠶᠢᠲᠡᠯᠡᠭᠰᠡᠨ ᠴᠠᠭ᠄
2024/9/5
    2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠤᠭᠲᠤᠬᠤ ᠳᠠᠶᠢᠯᠠᠯᠭ᠎ᠠ ᠳᠡᠭᠡᠷᠡᠬᠢ ᠰᠠᠷᠬᠤᠳ ᠡᠷᠭᠦᠬᠦ ᠦᠭᠡ    ︵2024 ᠣᠨ ᠤ 9 ᠰᠠᠷ᠎ᠠ ᠶᠢᠨ 4 ᠤ ᠡᠳᠦᠷ᠂ ᠪᠡᠭᠡᠵᠢᠩ ᠳᠤ︶    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ    ᠬᠦᠨᠳᠦᠲᠦ ᠶᠡᠷᠦᠩᠬᠡᠶᠢᠯᠡᠭᠴᠢ ᠹᠠᠶᠧ᠂ ᠬᠦᠨᠳᠦᠲᠦ ᠬᠠᠮᠲᠤ ᠠᠵᠢᠯᠯᠠᠭᠴᠢ ᠪᠠ ᠬᠠᠲᠤᠭᠲᠠᠢ ᠨᠠᠷ᠂ ᠡᠷᠬᠢᠮ ᠨᠠᠶᠢᠵᠠ ᠨᠠᠷ᠂ ᠡᠷᠬᠢᠮ ᠵᠣᠴᠢᠳ ᠠ᠋᠄    ᠦᠳᠡᠰᠢ ᠶᠢᠨ ᠮᠡᠨᠳᠦ ᠠᠶᠢᠯᠠᠳᠬᠠᠶ᠎ᠠ︕    ᠲᠠ ᠤᠯᠠᠨ ᠲᠠᠢ ᠬᠠᠮᠲᠤ ᠪᠠᠷ ᠰᠢᠨ᠎ᠡ ᠨᠢᠭᠡ ᠤᠳᠠᠭᠠᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢ ᠤᠭᠲᠤᠬᠤ ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠬᠠᠲᠤᠨ ᠲᠠᠢ ᠪᠠᠨ ᠬᠠᠮᠲᠤ᠂ ᠡᠷᠬᠢᠮ ᠵᠣᠴᠢᠳ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ︕    ᠬᠠᠷᠢᠯᠴᠠᠨ ᠮᠡᠳᠡᠯᠴᠡᠪᠡᠯ ᠬᠤᠯᠠ ᠣᠶᠢᠷ᠎ᠠ ᠳᠤ ᠨᠥᠯᠥᠭᠡᠯᠡᠭᠳᠡᠬᠦ ᠦᠭᠡᠢ᠂ ᠲᠦᠮᠡᠨ ᠭᠠᠵᠠᠷ ᠬᠤᠯᠠ ᠪᠠᠶᠢᠪᠠᠴᠤ ᠬᠥᠷᠰᠢ ᠵᠡᠷᠭᠡᠯᠡᠳᠡᠭᠡ ᠪᠣᠯᠵᠤ ᠪᠣᠯᠣᠨ᠎ᠠ᠃ ᠪᠢ ᠠᠹᠷᠢᠺᠠ ᠲᠢᠪ ᠲᠤ 10 ᠤᠳᠠᠭ᠎ᠠ ᠠᠶᠢᠯᠴᠢᠯᠠᠵᠤ ᠥᠩᠭᠡᠷᠡᠭᠰᠡᠨ ᠪᠥᠭᠡᠳ ᠠᠹᠷᠢᠺᠠ ᠲᠢᠪ ᠤᠨ ᠮᠠᠰᠢ ᠤᠯᠠᠨ ᠤᠯᠤᠰ ᠤᠨ ᠤᠳᠤᠷᠢᠳᠬᠤ ᠬᠥᠮᠥᠰ ᠤᠨ ᠳᠤᠮᠳᠠᠳᠤ ᠤᠯᠤᠰ ᠲᠠᠬᠢ ᠠᠶᠢᠯᠴᠢᠯᠠᠯᠳᠠ ᠶᠢ ᠭᠥᠯᠢᠶᠡᠨ ᠠᠪᠴᠤ ᠥᠩᠭᠡᠷᠡᠭᠰᠡᠨ ᠶᠤᠮ᠃ ᠠᠹᠷᠢᠺᠠ ᠲᠢᠪ ᠤᠨ ᠨᠠᠶᠢᠵᠠ ᠨᠠᠷ ᠲᠠᠢ ᠠᠭᠤᠯᠵᠠᠬᠤ ᠪᠦᠷᠢ᠂ ᠪᠢ ᠮᠠᠰᠢ ᠳᠣᠲᠣᠨᠣ ᠰᠠᠨᠠᠭᠳᠠᠳᠠᠭ᠂ ᠢᠯᠠᠩᠭᠤᠶ᠎ᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠠᠭᠤᠷᠢ ᠪᠠᠲᠤ᠂ ᠡᠭᠢᠯᠡᠯᠲᠡ ᠶᠢᠨ ᠴᠡᠭ ᠥᠨᠳᠥᠷ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠦᠵᠡᠭᠦᠯᠦᠭᠰᠡᠨ ᠢ ᠭᠦᠨᠵᠡᠭᠡᠢ ᠮᠡᠳᠡᠷᠡᠵᠦ ᠣᠯᠳᠠᠭ᠃    ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠤᠯᠠᠮᠵᠢᠯᠠᠯᠲᠤ ᠨᠥᠬᠦᠷᠯᠡᠯ ᠳᠤ ᠦᠨᠳᠦᠰᠦᠯᠡᠭᠰᠡᠨ ᠶᠤᠮ᠃ ᠳᠡᠭᠡᠷ᠎ᠡ ᠵᠠᠭᠤᠨ ᠤ ᠳᠤᠮᠳᠠᠴᠢ ᠠᠴᠠ ᠨᠠᠭᠠᠰᠢ᠂ ᠪᠢᠳᠡ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠺᠣᠯᠣᠨᠢᠴᠢᠯᠠᠯ ᠢ ᠡᠰᠡᠷᠭᠦᠴᠡᠬᠦ ᠡᠵᠡᠷᠬᠡᠬᠦ ᠦᠵᠡᠯ ᠢ ᠡᠰᠡᠷᠭᠦᠴᠡᠬᠦ ᠲᠡᠮᠡᠴᠡᠯ ᠳᠤᠮᠳᠠ ᠮᠥᠷᠥ ᠵᠡᠷᠭᠡᠴᠡᠨ ᠲᠡᠮᠡᠴᠡᠵᠦ᠂ ᠬᠥᠭᠵᠢᠨ ᠮᠠᠨᠳᠤᠬᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠣᠳᠣᠬᠢᠴᠢᠯᠠᠯᠲᠠ ᠶᠢᠨ ᠵᠠᠮ ᠳᠡᠭᠡᠷ᠎ᠡ ᠭᠠᠷ ᠬᠤᠯᠪᠣᠨ ᠬᠠᠮᠲᠤ ᠪᠠᠷ ᠤᠷᠤᠭᠰᠢᠯᠠᠪᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠠᠹᠷᠢᠺᠠ ᠶᠢᠨ ᠨᠥᠬᠦᠷᠯᠡᠯ ᠦᠷᠭᠦᠯᠵᠢᠯᠡᠨ ᠤᠯᠠᠮᠵᠢᠯᠠᠭᠳᠠᠵᠤ᠂ ᠶᠠᠪᠤᠬᠤ ᠲᠤᠳᠤᠮ ᠪᠠᠬᠢᠵᠢᠪᠡ᠃    ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠳᠡᠭᠡᠷ᠎ᠡ ᠢᠯᠡᠷᠡᠨ᠎ᠡ᠃ 24 ᠵᠢᠯ ᠤᠨ ᠡᠮᠦᠨ᠎ᠡ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠰᠢᠨ᠎ᠡ ᠵᠠᠭᠤᠨ ᠤ ᠦᠷ ᠤᠨ ᠲᠤᠶᠠᠭ᠎ᠠ ᠶᠢ ᠤᠭᠲᠤᠨ ᠮᠡᠨᠳᠦᠯᠡᠪᠡ᠃ ᠡᠨᠡ ᠬᠦ ᠴᠢᠬᠤᠯᠠ ᠲᠠᠪᠴᠠᠩ ᠳᠤ ᠲᠦᠰᠢᠭᠯᠡᠨ᠂ ᠪᠢᠳᠡ ᠭᠠᠷ ᠬᠤᠯᠪᠣᠨ ᠵᠠᠰᠠᠮᠠᠯ ᠵᠠᠮ᠂ ᠲᠡᠮᠦᠷ ᠵᠠᠮ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠢ ᠶᠢᠨ ᠣᠨᠴᠠᠭᠠᠢ ᠣᠷᠣᠨ ᠢ ᠪᠠᠶᠢᠭᠤᠯᠵᠤ᠂ ᠲᠤᠭ᠎ᠠ ᠲᠣᠮᠰᠢ ᠦᠭᠡᠢ ᠬᠥᠮᠥᠰ ᠤᠨ ᠠᠮᠢᠳᠤᠷᠠᠯ ᠪᠠ ᠬᠤᠪᠢ ᠵᠠᠶᠠᠭ᠎ᠠ ᠶᠢ ᠬᠤᠪᠢᠷᠠᠭᠤᠯᠪᠠ᠃    ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠪᠠ᠃ 2021 ᠣᠨ ᠤ ᠶᠠᠷᠢᠶᠠᠨ ᠤ ᠲᠠᠪᠴᠠᠩ ᠤᠨ ᠳ᠋ᠠᠺᠠᠷ ᠤᠨ ᠬᠤᠷᠠᠯ ᠠᠴᠠ ᠨᠠᠭᠠᠰᠢ᠂ ᠪᠢᠳᠡ ︽ᠶᠢᠰᠦᠨ ᠵᠦᠢᠯ ᠤᠨ ᠢᠨᠵᠧᠨᠧᠷᠢᠩ︾ ᠵᠡᠷᠭᠡ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠪᠦᠭᠦ ᠬᠦᠴᠦ ᠪᠠᠷ ᠢᠶᠠᠨ ᠠᠬᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷ᠎ᠡ ᠬᠦᠴᠦ ᠪᠠᠨ ᠬᠠᠮᠲᠤᠳᠬᠠᠨ ᠬᠠᠮᠵᠢᠯᠴᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠠᠭ ᠦᠶ᠎ᠡ ᠶᠢᠨ ᠬᠦᠴᠦᠷᠬᠡᠭ ᠳᠠᠭᠤᠨ ᠢ ᠬᠠᠮᠲᠤ ᠪᠠᠷ ᠬᠠᠩᠭᠢᠨᠠᠭᠤᠯᠪᠠ᠃    ᠨᠠᠶᠢᠵᠠ ᠨᠠᠷ ᠠ᠋᠂ ᠡᠷᠬᠢᠮ ᠵᠣᠴᠢᠳ ᠠ᠋︕    ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠬᠦᠰᠡᠯ ᠵᠡᠭᠦᠳᠦ ᠮᠥᠨ᠂ ᠣᠳᠣᠬᠢᠴᠢᠯᠠᠯᠲᠠ ᠪᠣᠯ ᠬᠦᠰᠡᠯ ᠵᠡᠭᠦᠳᠦ ᠶᠢ ᠪᠣᠳᠠᠲᠤ ᠠᠬᠤᠢ ᠲᠠᠢ ᠬᠤᠯᠪᠣᠬᠤ ᠳᠤ ᠵᠠᠶᠢᠯᠠᠰᠢ ᠦᠭᠡᠢ ᠶᠠᠪᠤᠬᠤ ᠵᠠᠮ ᠮᠥᠨ᠃ ᠥᠩᠭᠡᠷᠡᠭᠰᠡᠨ ᠪᠠ ᠤᠳᠤ ᠭᠡᠰᠡᠨ ᠦᠭᠡᠢ᠂ ᠳᠤᠮᠳᠠᠳᠤ ᠠᠹᠷᠢᠺᠠ ᠪᠣᠯ ᠴᠥᠮ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠬᠤᠰᠢᠭᠤᠴᠢ ᠮᠥᠨ᠂ ᠢᠷᠡᠭᠡᠳᠦᠢ ᠳᠤ ᠪᠠᠰᠠ ᠯᠠᠪᠲᠠᠢ ᠭᠠᠷ ᠬᠤᠯᠪᠣᠨ ᠣᠳᠣᠬᠢᠴᠢᠯᠠᠯᠲᠠ ᠶᠢᠨ ᠠᠬᠢᠴᠠ ᠶᠢᠨ ᠡᠮᠦᠨ᠎ᠡ ᠡᠩᠨᠡᠭᠡᠨ ᠳᠤ ᠶᠠᠪᠤᠬᠤ ᠪᠣᠯᠣᠨ᠎ᠠ᠃ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠨᠢᠭᠡ ᠰᠡᠳᠬᠢᠯ ᠨᠢᠭᠡ ᠴᠢᠭᠯᠡᠯ ᠢᠶᠠᠷ ᠤᠷᠤᠭᠰᠢᠯᠠᠳᠠᠭ ᠯᠠ ᠶᠤᠮ ᠪᠣᠯ ᠯᠠᠪᠲᠠᠢ ᠣᠳᠣᠬᠢᠴᠢᠯᠠᠯᠲᠠ ᠶᠢᠨ ᠵᠠᠮ ᠳᠡᠭᠡᠷ᠎ᠡ ᠭᠡᠷᠡᠯ ᠰᠠᠴᠤᠷᠠᠩᠭᠤᠢ ᠠᠮᠵᠢᠯᠲᠠ ᠶᠢ ᠬᠠᠮᠲᠤ ᠪᠠᠷ ᠡᠭᠦᠳᠴᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠦᠢᠯᠡᠰ ᠤᠨ ᠥᠷᠨᠢᠨ ᠬᠥᠭᠵᠢᠬᠦ ᠶᠢ ᠬᠥᠲᠥᠯᠥᠨ ᠳᠠᠭᠠᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ ᠭᠡᠳᠡᠭ ᠢ ᠪᠢ ᠢᠲᠡᠭᠡᠵᠦ ᠪᠠᠶᠢᠨ᠎ᠠ᠃    ᠤᠳᠤ ᠤᠯᠠᠨ ᠢᠶᠠᠷ ᠢᠶᠠᠨ᠄    ᠳᠤᠮᠳᠠᠳᠤ ᠤᠯᠤᠰ ᠪᠣᠯᠣᠨ ᠠᠹᠷᠢᠺᠠ ᠲᠢᠪ ᠤᠨ ᠡᠯ᠎ᠡ ᠤᠯᠤᠰ ᠤᠨ ᠬᠥᠭᠵᠢᠯ ᠴᠡᠴᠡᠭᠯᠡᠯ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ᠂    ᠳᠤᠮᠳᠠᠳᠤ ᠠᠹᠷᠢᠺᠠ ᠶᠢᠨ ᠠᠷᠠᠳ ᠲᠦᠮᠡᠨ ᠤ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢᠨ ᠲᠥᠯᠥᠭᠡ᠂    ᠡᠨᠡ ᠤᠳᠠᠭᠠᠨ ᠤ ᠲᠦᠷᠦᠭᠦᠴᠦᠳ ᠤᠨ ᠬᠤᠷᠠᠯ ᠲᠡᠭᠦᠰ ᠠᠮᠵᠢᠯᠲᠠ ᠲᠠᠢ ᠬᠤᠷᠠᠯᠳᠤᠬᠤ ᠶᠢᠨ ᠲᠥᠯᠥᠭᠡ᠂    ᠡᠷᠬᠢᠮ ᠵᠣᠴᠢᠳ ᠵᠢᠴᠢ ᠭᠡᠷ ᠪᠦᠯᠢ ᠶᠢᠨ ᠲᠠᠨᠢ ᠡᠷᠡᠭᠦᠯ ᠮᠡᠨᠳᠦ ᠶᠢᠨ ᠲᠥᠯᠥᠭᠡ    ᠬᠤᠨᠳᠠᠭ᠎ᠠ ᠡᠷᠭᠦᠵᠡᠭᠡᠶ᠎ᠡ︕    ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ    
 
ᠢᠷᠡᠯᠲᠡ᠄ ᠦᠪᠡᠷ ᠮᠤᠩᠭᠤᠯ  ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3