ᠬᠥᠳᠡᠭᠡ ᠲᠣᠰᠬᠤᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠬᠢᠴᠠ ᠶᠢ ᠲᠦᠯᠬᠢᠨ ᠠᠬᠢᠭᠤᠯᠬᠤ | ᠶᠠᠪᠤᠴᠠ ᠳᠤ᠂ ᠵᠠᠩ ᠭᠤᠤ ᠪᠠᠯᠭᠠᠰᠤ ᠨᠢ ᠲᠡᠭᠦᠨ ᠤ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠠ ᠪᠣᠳᠠᠲᠠᠶ ᠶᠢ ᠡᠷᠬᠢᠮᠯᠡᠭᠰᠡᠨ | ᠠᠵᠢᠯᠯᠠᠭ᠎ᠠ ᠪᠠᠷ ᠢᠶᠠᠨ ᠨᠢᠭᠡᠨ ᠳᠤᠯᠠᠭᠠᠨ ᠪᠥᠭᠡᠳ ᠭᠡᠭᠡᠨ ᠰᠠᠷᠠᠭᠤᠯ ᠡᠪᠦᠯ ᠤᠨ ᠡᠳᠦᠷ ᠤᠨ ᠵᠢᠷᠤᠭ ᠢ ᠵᠢᠷᠤᠭᠯᠠᠪᠠ᠃ ︽ | ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠳᠦᠷᠢ ᠶᠢ ᠨᠠᠷᠢᠯᠢᠭ ᠣᠨᠣᠴᠠᠲᠠᠶ ᠪᠠᠷ ᠪᠠᠶᠢᠷᠢ ᠲᠣᠭᠲᠠᠭᠠᠬᠤ ᠪᠠᠷ | ᠳᠠᠮᠵᠢᠭᠤᠯᠤᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠤᠨ ᠠᠭᠤᠰᠤᠯᠴᠠᠯ ᠤᠨ ᠭᠠᠷᠳᠠᠬᠤ ᠴᠡᠭ ᠢ | ᠣᠨᠣᠪᠴᠢᠲᠠᠶ ᠣᠯᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ︽ | ᠪᠠᠶᠢᠭᠤᠯᠤᠯᠲᠠ ᠶᠢ ᠴᠢᠩᠭᠠᠳᠬᠠᠵᠤ ᠬᠡᠷᠡᠭᠯᠡᠬᠦ ᠶᠢ ᠪᠠᠲᠤᠯᠠᠬᠤ᠂ ᠲᠤᠰᠬᠠᠶᠢᠵᠢᠭᠰᠠᠨ ᠪᠣᠯᠪᠠᠰᠤᠷᠠᠯ ᠤᠨ ᠪᠠᠲᠤᠯᠠᠭ᠎ᠠ ᠶᠢ | ᠬᠡᠷᠡᠭᠯᠡᠬᠦ ᠶᠢ ᠪᠠᠲᠤᠯᠠᠬᠤ᠂ ᠳᠣᠲᠣᠨᠣ ᠮᠡᠷᠭᠡᠵᠢᠯ ᠤᠨ ᠤᠶᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠡᠷᠡᠭᠯᠡᠬᠦ︾ ᠶᠢ ᠪᠠᠲᠤᠯᠠᠬᠤ | ︾ ᠶᠢᠨ ᠲᠣᠭᠤᠷᠢᠨ ᠳᠤ ᠬᠠᠷᠠᠯᠲᠠ ᠪᠣᠯᠭᠠᠵᠤ᠂ ᠨᠢᠭᠡᠨ ᠰᠠᠯᠠᠭ᠎ᠠ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ | ᠭᠦᠢᠴᠡᠳᠭᠡᠬᠦ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠣᠰᠬᠤᠨ ᠤ ᠱᠠᠲᠤᠨ ᠤ ᠮᠡᠷᠭᠡᠵᠢᠯᠲᠡᠨ ᠤ ᠡᠩᠨᠡᠭᠡ ᠶᠢ | ᠪᠠᠶᠢᠭᠤᠯᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃ | ︽ᠴᠢᠩᠭ᠎ᠠ︾ ᠭᠡᠳᠡᠭ ᠦᠰᠦᠭ ᠳᠡᠭᠡᠷ᠎ᠡ ᠬᠦᠴᠦ ᠲᠠᠯᠪᠢᠵᠤ᠂ ᠪᠠᠷᠢᠮᠵᠢᠶᠠᠵᠢᠭᠤᠯᠤᠭᠰᠠᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠪᠠ | ᠵᠠᠩ ᠭᠤᠤ ᠪᠠᠯᠭᠠᠰᠤ ᠣᠳᠣ ᠶᠢᠨ ᠪᠠᠶᠢᠭ᠎ᠠ ᠨᠥᠬᠦᠴᠡᠯ ᠳᠤ ᠰᠠᠭᠤᠷᠢᠯᠠᠵᠤ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠤ ᠡᠩᠨᠡᠭᠡ ᠠᠴᠠ 8 ᠨᠡᠷᠡᠰ ᠮᠡᠷᠭᠡᠵᠢᠯ ᠮᠡᠳᠡᠬᠦ᠂ ᠬᠠᠮᠠᠭᠠᠯᠠᠵᠤ ᠴᠢᠳᠠᠬᠤ᠂ ᠦᠢᠯᠡᠴᠢᠯᠡᠭᠡ ᠪᠠᠨ ᠬᠠᠶᠢᠷᠠᠯᠠᠬᠤ | ᠲᠥᠯᠥᠭᠡᠯᠡᠭᠴᠢ ᠶᠢ ᠰᠣᠩᠭᠤᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠣᠰᠬᠤᠨ ᠤ ᠱᠠᠲᠤᠨ ᠤ | ᠮᠡᠷᠭᠡᠵᠢᠯᠲᠡᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠡᠰᠡᠭ ᠬᠤᠪᠢᠶᠠᠨ ᠦᠢᠯᠡᠴᠢᠯᠡᠬᠦ ᠵᠠᠭᠪᠤᠷ ᠢ ᠠᠪᠴᠤ᠂ 1360 | ᠭᠠᠷᠤᠢ ᠲᠠᠷᠢᠶᠠᠴᠢᠨ ᠡᠷᠦᠬᠡ ᠶᠢ 8 ᠲᠣᠣᠷᠵᠢᠯ ᠳᠤ ᠬᠤᠪᠢᠶᠠᠵᠤ᠂ ︽ᠬᠡᠰᠡᠭ ᠬᠤᠪᠢᠶᠠᠨ ᠲᠣᠣᠷᠵᠢᠯ ᠳᠤ ᠣᠷᠣᠭᠤᠯᠬᠤ︾ | ᠠᠵᠢᠯ ᠤᠨ ᠲᠣᠭᠲᠠᠴᠠ ᠶᠢ ᠬᠡᠷᠡᠭᠵᠢᠭᠦᠯᠪᠡ᠃ ᠮᠡᠷᠭᠡᠵᠢᠯᠲᠡᠨ ᠥᠪᠡᠷ ᠥᠪᠡᠷ ᠤᠨ ᠦᠢᠯᠡᠴᠢᠯᠡᠭᠡᠨ ᠤ ᠲᠣᠣᠷᠵᠢᠯ ᠤᠨ | ᠳᠣᠲᠣᠷ᠎ᠠ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠦᠷᠦᠯ ᠵᠦᠢᠯ ᠢ ᠪᠣᠳᠠᠲᠠᠢ ᠬᠡᠷᠡᠭᠵᠢᠭᠦᠯᠬᠦ᠂ ᠬᠢᠨᠠᠯᠲᠠ | ᠲᠠᠯᠪᠢᠬᠤ ᠪᠠ ᠵᠢᠯᠣᠭᠤᠳᠬᠤ ᠶᠢ ᠬᠠᠷᠢᠭᠤᠴᠠᠵᠤ᠂ ᠲᠦᠷᠦᠯ ᠵᠦᠢᠯ ᠤᠨ ᠥᠨᠳᠥᠷ ᠪᠦᠲᠦᠮᠵᠢᠲᠡᠢ᠂ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠮᠡᠷᠭᠡᠵᠢᠯᠲᠡᠳ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠭᠰᠠᠨ ᠢᠶᠠᠷ ᠪᠠᠷᠠᠬᠤ ᠦᠭᠡᠢ᠂ ᠪᠠᠰᠠ ᠬᠠᠮᠢᠶᠠᠷᠤᠯᠲᠠ ᠶᠢᠨ ᠳᠦᠷᠢᠮ᠂ ᠬᠢᠨᠠᠨ ᠰᠢᠯᠭᠠᠬᠤ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠬᠦ ᠵᠢᠴᠢ ᠤᠷᠮᠠᠰᠢᠭᠤᠯᠬᠤ ᠠᠷᠭ᠎ᠠ ᠬᠡᠮᠵᠢᠶ᠎ᠡ ᠠᠪᠴᠤ᠂ ᠲᠥᠷᠥᠯ ᠵᠦᠢᠯ ᠢ ᠦᠷᠭᠦᠯᠵᠢᠯᠡᠨ | ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ | ︽ᠲᠤᠰᠬᠠᠢ︾ ᠭᠡᠳᠡᠭ ᠦᠰᠦᠭ ᠢᠶᠠᠷ ᠰᠢᠪᠲᠤᠯᠤᠯᠲᠠ ᠬᠢᠵᠦ᠂ ᠲᠤᠰᠬᠠᠶᠢᠵᠢᠭᠰᠠᠨ ᠡᠩᠨᠡᠭᠡ ᠶᠢ ᠳᠠᠪᠲᠠᠨ | ᠪᠣᠯᠪᠠᠰᠤᠷᠠᠭᠤᠯᠬᠤ | ᠴᠢᠩᠭ᠎ᠠ ᠰᠢᠯᠢᠨ ᠰᠣᠩᠭᠤᠬᠤ ᠪᠠ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢᠶᠠᠷ ᠳᠡᠮᠵᠢᠨ᠂ ᠲᠣᠰᠬᠤᠨ ᠤ | ᠱᠠᠲᠤᠨ ᠤ 8 ᠮᠡᠷᠭᠡᠵᠢᠯᠲᠡᠨ ᠴᠥᠮ ᠡᠯᠪᠡᠭ ᠪᠠᠶᠠᠯᠢᠭ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠬᠠᠮᠢᠶ᠎ᠠ | ᠪᠥᠬᠦᠶ ᠮᠡᠷᠭᠡᠵᠢᠯ ᠪᠠ ᠦᠢᠯᠡᠳᠦᠯᠭᠡ ᠶᠢᠨ ᠲᠤᠷᠰᠢᠯᠭ᠎ᠠ ᠲᠠᠢ ᠶᠤᠮ᠃ ᠲᠡᠳᠡ ᠴᠠᠬᠢᠯᠭᠠᠨ ᠳᠤᠯᠠᠭᠠᠯᠠᠭ᠎ᠠ ᠶᠢᠨ | ᠲᠥᠬᠦᠭᠡᠷᠦᠮᠵᠢ ᠶᠢ ᠠᠵᠢᠯᠯᠠᠭᠤᠯᠬᠤ ᠪᠠ ᠬᠠᠮᠠᠭᠠᠯᠠᠬᠤ ᠶᠢ ᠰᠠᠶᠢᠨ ᠮᠡᠳᠡᠭᠰᠡᠨ ᠢᠶᠠᠷ ᠪᠠᠷᠠᠬᠤ ᠦᠭᠡᠢ᠂ ᠪᠠᠰᠠ ︽ᠥᠨᠳᠥᠷ | ᠣᠷᠭᠢᠯ ᠠᠴᠠ ᠵᠠᠶᠢᠯᠠᠬᠤ︾ ᠳᠠᠩᠰᠠ ᠪᠤᠳᠤᠵᠤ ᠬᠠᠷᠢᠴᠠᠭᠤᠯᠬᠤ᠂ ᠠᠶᠤᠯᠭᠦᠶ ᠴᠠᠬᠢᠯᠭᠠᠨ ᠬᠡᠷᠡᠭᠯᠡᠬᠦ ᠵᠡᠷᠭᠡ ᠲᠠᠯ᠎ᠠ ᠶᠢᠨ | ᠲᠤᠰᠬᠠᠶ ᠮᠡᠷᠭᠡᠵᠢᠯ ᠤᠨ ᠮᠡᠳᠡᠯᠭᠡ ᠶᠢ ᠡᠵᠡᠮᠰᠢᠭᠰᠡᠨ ᠪᠠᠶᠢᠨ᠎ᠠ᠃ ᠮᠡᠷᠭᠡᠵᠢᠯ ᠤᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ | ᠴᠢᠨᠠᠷ ᠢ ᠪᠠᠲᠤᠯᠠᠬᠤ ᠶᠢᠨ ᠲᠥᠯᠥᠭᠡ᠂ ᠵᠠᠩ ᠭᠤᠤ ᠪᠠᠯᠭᠠᠰᠤ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ | ᠭᠠᠷᠬᠤ ᠠᠴᠠ ᠡᠮᠦᠨᠡᠬᠢ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ ᠤᠷᠢᠵᠤ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠬᠤ ᠪᠠ ᠵᠢᠭᠠᠨ | ᠰᠤᠷᠭᠠᠯᠲᠠ ᠬᠢᠯᠭᠡᠵᠦ᠂ ᠮᠡᠷᠭᠡᠵᠢᠯᠲᠡᠨ ᠤ ᠪᠣᠳᠠᠲᠠᠢ ᠪᠣᠯᠪᠠᠰᠤᠷᠠᠯ ᠤᠨ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠰᠢᠨᠡᠳᠬᠡᠵᠦ | ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ ᠪᠠᠰᠠ ᠮᠡᠷᠭᠡᠵᠢᠯ ᠤᠨ | ᠰᠣᠯᠢᠯᠴᠠᠭᠠᠨ ᠤ ᠲᠠᠪᠴᠠᠩ ᠪᠠᠶᠢᠭᠤᠯᠵᠤ᠂ ᠮᠡᠷᠭᠡᠵᠢᠯᠲᠡᠨ ᠤ ᠬᠤᠭᠤᠷᠣᠨᠳᠣ ᠪᠠᠨ ᠲᠤᠷᠰᠢᠯᠭ᠎ᠠ ᠪᠠᠨ ᠬᠤᠪᠢᠶᠠᠯᠴᠠᠬᠤ᠂ | ᠣᠯᠤᠯᠲᠠ ᠲᠥᠷᠥᠭᠳᠡᠯ ᠢᠶᠠᠨ ᠰᠣᠯᠢᠯᠴᠠᠬᠤ ᠶᠢ ᠵᠣᠷᠢᠭᠵᠢᠭᠤᠯᠵᠤ᠂ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠪᠠ᠃ ᠮᠡᠷᠭᠡᠵᠢᠯ ᠤᠨ ᠰᠣᠯᠢᠯᠴᠠᠭ᠎ᠠ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠠᠵᠢᠯᠯᠠᠭ᠎ᠠ ᠶᠢ | ᠡᠷᠬᠢᠯᠡᠬᠦ ᠪᠠᠷ ᠳᠠᠮᠵᠢᠭᠤᠯᠤᠨ᠂ ᠮᠡᠷᠭᠡᠵᠢᠯᠲᠡᠨ ᠤ ᠰᠤᠷᠤᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ | ᠬᠥᠭᠵᠢᠭᠡᠵᠦ᠂ ᠪᠦᠬᠦᠯᠢ ᠴᠣᠭᠴᠠ ᠶᠢᠨ ᠮᠡᠷᠭᠡᠵᠢᠯ ᠤᠨ ᠬᠢᠷᠢ ᠲᠦᠪᠰᠢᠨ ᠤ ᠲᠠᠰᠤᠷᠠᠯᠲᠠ ᠥᠬᠡᠶ ᠳᠡᠭᠡᠭᠰᠢᠯᠡᠬᠦ ᠶᠢ | ᠠᠬᠢᠭᠤᠯᠤᠨ᠎ᠠ᠃ | ︽ᠰᠡᠳᠬᠢᠯ︾ ᠭᠡᠳᠡᠭ ᠦᠭᠡ ᠳᠡᠭᠡᠷ᠎ᠡ ᠦᠨᠡᠨ ᠪᠠᠶᠢᠳᠠᠯ ᠢ ᠢᠯᠡᠷᠡᠭᠦᠯᠵᠦ᠂ ᠰᠢᠭᠤᠳ ᠦᠢᠯᠡᠴᠢᠯᠡᠭᠡ ᠥᠷᠨᠢᠭᠦᠯᠦᠨ᠎ᠡ | ᠦᠢᠯᠡᠴᠢᠯᠡᠭᠡᠨ ᠤ ᠶᠠᠪᠤᠴᠠ ᠳᠤ᠂ ᠵᠠᠩ ᠭᠤᠤ ᠪᠠᠯᠭᠠᠰᠤᠨ ᠤ ᠲᠣᠰᠬᠤᠨ ᠤ ᠱᠠᠲᠤᠨ ᠤ ᠮᠡᠷᠭᠡᠵᠢᠯᠲᠡᠨ ᠢᠮᠠᠭᠲᠠ | ᠤᠯᠠᠨ ᠲᠦᠮᠡᠨ ᠤ ᠬᠡᠷᠡᠭᠴᠡᠭᠡ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠦᠯᠢᠴᠡᠩᠭᠦᠢ᠂ ᠨᠠᠷᠢᠯᠢᠭ᠂ ᠳᠣᠲᠣᠨᠣ᠂ ᠰᠠᠨᠠᠭ᠎ᠠ | ᠠᠮᠤᠷ ᠦᠢᠯᠡᠴᠢᠯᠡᠭᠡᠨ ᠤ ᠣᠪᠣᠷ ᠢᠶᠠᠷ ᠤᠯᠠᠨ ᠲᠦᠮᠡᠨ ᠤ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠠᠢ᠃ ᠲᠡᠳᠡ | ᠲᠠᠷᠢᠶᠠᠴᠢᠨ ᠡᠷᠦᠬᠡ ᠳᠤ ᠭᠦᠨᠵᠡᠭᠡᠶᠢᠷᠡᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠬᠦᠭᠡᠷᠦᠮᠵᠢ ᠶᠢ | ᠬᠡᠷᠡᠭᠯᠡᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠣᠯᠠᠨ ᠲᠦᠮᠡᠨ ᠤ ᠠᠰᠠᠭᠤᠯᠲᠠ ᠶᠢ | ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠬᠡᠮ ᠰᠣᠭᠤᠭ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠡᠷᠦᠬᠡ ᠪᠦᠷᠢ | ᠴᠥᠮ ᠠᠮᠤᠷ ᠲᠦᠪᠰᠢᠨ᠂ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠪᠠ᠃ ᠡᠭᠦᠨ ᠠᠴᠠ ᠭᠠᠳᠠᠨ᠎ᠠ᠂ | ᠦᠢᠯᠡᠴᠢᠯᠡᠭᠡᠨ ᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠮᠡᠷᠭᠡᠵᠢᠯ ᠤᠨ ᠠᠵᠢᠯᠲᠠᠨ ᠤ | ᠦᠢᠯᠡᠴᠢᠯᠡᠭᠡ ᠳᠤ ᠦᠨᠡᠯᠡᠯᠲᠡ ᠪᠠ ᠰᠠᠨᠠᠭᠤᠯᠭ᠎ᠠ ᠬᠢᠬᠦ ᠶᠢ ᠵᠣᠷᠢᠭᠵᠢᠭᠤᠯᠤᠨ᠂ ᠦᠢᠯᠡᠴᠢᠯᠡᠭᠡᠨ ᠤ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠬᠠᠯᠠᠨ ᠰᠠᠶᠢᠵᠢᠷᠠᠭᠤᠯᠤᠨ᠎ᠠ᠃ ᠦᠢᠯᠡᠴᠢᠯᠡᠭᠡᠨ ᠤ | ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠵᠠᠩ ᠭᠤᠤ ᠪᠠᠯᠭᠠᠰᠤᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠣᠰᠬᠤᠨ ᠤ | ᠱᠠᠲᠤᠨ ᠤ ᠮᠡᠷᠭᠡᠵᠢᠯᠲᠡᠨ ︽ᠪᠠᠭ᠎ᠠ ᠠᠵᠢᠯ ᠤᠨ ᠪᠠᠶᠢᠷᠢ︾ ᠶᠢᠨ ᠦᠢᠯᠡᠴᠢᠯᠡᠭᠡᠨ ᠤ ︽ᠲᠣᠮᠣ ᠠᠷᠠᠳ ᠤᠨ ᠠᠮᠢᠳᠤᠷᠠᠯ︾ ᠢ | ᠦᠨᠡᠨ ᠬᠦ ᠪᠡᠶᠡᠯᠡᠭᠦᠯᠵᠦ᠂ ᠤᠯᠠᠨ ᠲᠦᠮᠡᠨ ᠳᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠴᠠ ᠪᠣᠯᠤᠭᠰᠠᠨ | ᠬᠠᠶᠢᠷ᠎ᠠ ᠬᠠᠯᠠᠮᠵᠢ ᠪᠠ ᠲᠥᠬᠦᠮ ᠨᠥᠬᠦᠴᠡᠯ ᠢ ᠦᠨᠡᠨ ᠬᠦ ᠮᠡᠳᠡᠷᠡᠭᠦᠯᠪᠡ᠃ | ᠵᠠᠩ ᠭᠤᠤ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠪᠠᠶᠢᠩᠭᠤᠵᠢᠭᠤᠯᠤᠨ ᠭᠦᠢᠴᠡᠳᠬᠡᠵᠦ᠂ | ᠲᠣᠰᠬᠤᠨ ᠤ ᠱᠠᠲᠤᠨ ᠤ ᠮᠡᠷᠭᠡᠵᠢᠯᠲᠡᠨ ᠤ ᠪᠡᠶ᠎ᠡ ᠭᠠᠷᠤᠯ ᠲᠠᠢ ᠬᠤᠯᠪᠣᠭᠠᠯᠠᠨ ᠬᠥᠳᠡᠯᠦᠯᠴᠡᠵᠦ᠂ ᠮᠡᠷᠭᠡᠵᠢᠯᠲᠡᠨ ᠤ | ᠦᠢᠯᠡᠴᠢᠯᠡᠭᠡᠨ ᠤ ᠬᠠᠷᠢᠯᠴᠠᠬᠤ ᠺᠠᠷᠲ ᠢ ᠤᠶᠢᠯᠡᠳᠴᠤ᠂ ᠲᠠᠷᠬᠠᠭᠠᠵᠤ᠂ ᠤᠯᠠᠨ ᠲᠦᠮᠡᠨ ᠤ ᠬᠠᠷᠢᠯᠴᠠᠭ᠎ᠠ ᠳᠤ ᠲᠥᠬᠦᠮ | ᠦᠵᠡᠭᠦᠯᠵᠦ᠂ ᠰᠡᠯᠪᠢᠨ ᠵᠠᠰᠠᠬᠤ ᠳᠤ ᠬᠠᠭᠤᠳᠠᠰᠤ ᠲᠣᠮᠢᠯᠠᠬᠤ ᠶᠢ ᠪᠡᠶᠡᠯᠡᠭᠦᠯᠪᠡ︔ ᠡᠷᠦᠬᠡ ᠳᠤ ᠣᠷᠣᠵᠤ ᠬᠠᠮᠢᠶ᠎ᠠ ᠪᠥᠬᠦᠶ | ᠮᠡᠳᠡᠯᠭᠡ ᠪᠠ ᠲᠥᠷᠥ ᠶᠢᠨ ᠪᠣᠳᠣᠯᠭ᠎ᠠ ᠶᠢ ᠤᠬᠠᠭᠤᠯᠬᠤ ᠶᠢ ᠢᠳᠡᠪᠬᠢᠲᠡᠶ ᠥᠷᠨᠢᠭᠦᠯᠵᠦ᠂ ᠲᠠᠷᠢᠶᠠᠴᠢᠨ ᠡᠷᠦᠬᠡ ᠶᠢᠨ | ᠰᠡᠳᠬᠢᠯ ᠤᠨ ᠵᠠᠩᠭᠢᠷᠠᠭ᠎ᠠ ᠶᠢ ᠠᠷᠢᠯᠭᠠᠨ᠎ᠠ᠃ | | ᠵᠤᠬᠢᠶᠠᠭᠴᠢ᠄ ᠵᠠᠩ ᠭᠤᠤ ᠪᠠᠯᠭᠠᠰᠤ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |