ᠰᠢᠩ ᠾᠧ ᠰᠢᠶᠠᠨ᠄ ᠲᠤᠰᠬᠠᠶ ᠮᠡᠷᠭᠡᠵᠢᠯ ᠤᠨ ᠪᠣᠯᠪᠠᠰᠤᠷᠠᠯ ᠣᠯᠭᠤᠵᠤ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠰᠢᠨ᠎ᠡ ᠠᠮᠢᠵᠢᠷᠠᠯ ᠤᠨ ᠬᠦᠴᠦᠨ ᠣᠯᠭᠤᠨ᠎ᠠ
ᠨᠡᠶᠢᠲᠡᠯᠡᠭᠰᠡᠨ ᠴᠠᠭ᠄
2025/1/13
     ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠲᠤ ᠴᠢᠳᠠᠪᠤᠷᠢᠲᠠᠨ ᠢ ᠨᠥᠭᠡᠴᠡᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠲᠣᠰᠬᠤᠨ ᠤ ᠠᠷᠠᠳ ᠤᠨ ᠨᠢᠭᠡ ᠮᠡᠷᠭᠡᠵᠢᠯ ᠢ ᠠᠰᠢᠭᠯᠠᠨ ᠠᠵᠢᠯ ᠣᠯᠭᠤᠯᠲᠠ ᠪᠠ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢᠨ ᠲᠥᠯᠥᠭᠡ᠂ 12 ᠰᠠᠷ᠎ᠠ ᠶᠢᠨ 25 ᠤ ᠡᠳᠦᠷ ᠠᠴᠠ 12 ᠰᠠᠷ᠎ᠠ ᠶᠢᠨ 29 ᠤ ᠡᠳᠦᠷ ᠪᠣᠯᠲᠠᠯ᠎ᠠ᠂ ᠰᠢᠩ ᠾᠧ ᠰᠢᠶᠠᠨ ᠤ ᠭᠤᠤ ᠱᠧᠩ ︵ᠳᠤᠮᠳᠠᠳᠤ ᠤᠯᠤᠰ︶ ᠠᠷᠠᠳ ᠤᠨ ᠣᠷᠣᠨ ᠰᠠᠭᠤᠴᠠ ᠶᠢᠨ ᠬᠠᠮᠢᠶᠠᠷᠤᠭᠴᠢ ᠶᠢᠨ ᠪᠣᠯᠪᠠᠰᠤᠷᠠᠯ ᠢ ᠥᠪᠥᠷ ᠮᠣᠩᠭᠤᠯ ᠤᠨ ᠰᠢᠩ ᠾᠧ ᠰᠢᠶᠠᠨ ᠳᠤ ᠵᠢᠩᠬᠢᠨᠢ ᠪᠠᠷ ᠡᠬᠢᠯᠡᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠢ ᠭᠤᠤ ᠱᠧᠩ ︵ᠳᠤᠮᠳᠠᠳᠤ ᠤᠯᠤᠰ︶ ᠦᠨᠡᠲᠦ ᠲᠡᠮᠳᠡᠭᠲᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠰᠢᠩ ᠾᠧ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠴᠢᠩ ᠱᠠᠨ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠬᠠᠮᠵᠢᠯᠴᠠᠨ ᠡᠷᠭᠢᠯᠡᠵᠦ᠂ 40 ᠰᠢᠬᠠᠮ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ᠃      ᠠᠩᠭᠢ ᠡᠬᠢᠯᠡᠬᠦ ᠶᠣᠰᠣᠯᠠᠯ ᠳᠡᠭᠡᠷ᠎ᠡ᠂ ᠬᠠᠮᠢᠶ᠎ᠠ ᠪᠦᠬᠦᠢ ᠬᠠᠷᠢᠭᠤᠴᠠᠯᠭᠠᠲᠠᠨ ᠪᠦᠬᠦ ᠰᠤᠷᠤᠭᠴᠢᠳ ᠲᠤ ᠰᠢᠩ ᠾᠧ ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠤᠨ ᠢᠷᠡᠭᠡᠳᠦᠶ ᠶᠢᠨ ᠬᠠᠨᠳᠤᠰᠢ ᠶᠢ ᠲᠠᠨᠢᠯᠴᠠᠭᠤᠯᠵᠤ᠂ ᠠᠷᠠᠳ ᠤᠨ ᠣᠷᠣᠨ ᠰᠠᠭᠤᠴᠠ ᠶᠢᠨ ᠪᠣᠯᠪᠠᠰᠤᠷᠠᠭᠤᠯᠤᠯ ᠤᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ ᠢ ᠲᠣᠳᠣᠷᠬᠠᠶᠢᠯᠠᠨ ᠥᠭᠦᠯᠡᠭᠰᠡᠨ ᠪᠥᠭᠡᠳ ᠪᠦᠬᠦ ᠰᠤᠷᠤᠭᠴᠢᠳ ᠤᠨ ᠪᠣᠯᠪᠠᠰᠤᠷᠠᠭᠤᠯᠤᠯ ᠤᠨ ᠰᠠᠬᠢᠯᠭ᠎ᠠ ᠪᠠᠲᠤ ᠶᠢ ᠵᠢᠷᠤᠮᠯᠠᠬᠤ ᠱᠠᠭᠠᠷᠳᠠᠯᠭ᠎ᠠ ᠳᠤᠷᠠᠳᠴᠠᠶ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠣᠨᠣᠯ ᠤᠨ ᠵᠢᠭᠠᠨ ᠰᠤᠷᠭᠠᠯᠲᠠ ᠶᠢᠨ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠦᠢᠯᠡᠳᠦᠯᠭᠡ ᠶᠢᠨ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠤᠷᠤᠭᠴᠢᠳ ᠲᠤ ᠪᠥᠬᠦ ᠲᠠᠯ᠎ᠠ ᠶᠢᠨ ᠪᠣᠯᠪᠠᠰᠤᠷᠠᠯ ᠬᠦᠷᠲᠡᠭᠡᠪᠡ᠃ ᠪᠣᠯᠪᠠᠰᠤᠷᠠᠭᠤᠯᠤᠯ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠰᠢᠩ ᠾᠧ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠬᠤ ᠪᠠ ᠠᠭᠤᠳᠠᠯᠠᠬᠤ ᠶᠢ ᠪᠠᠭᠲᠠᠭᠠᠭᠰᠠᠨ ᠮᠥᠷᠲᠡᠭᠡᠨ ᠪᠠᠰᠠ ᠬᠤᠳᠠᠯᠳᠤᠭᠠᠨ ᠤ ᠶᠠᠪᠤᠳᠠᠯ ᠤᠨ ᠭᠥᠯᠢᠶᠡᠨ ᠠᠪᠬᠤ᠂ ᠭᠥᠯᠢᠶᠡᠨ ᠠᠪᠬᠤ ᠶᠣᠰᠣᠯᠠᠯ ᠵᠡᠷᠭᠡ ᠪᠣᠳᠠᠲᠠᠶ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠲᠠᠢ ᠪᠠᠶᠢᠳᠠᠭ᠃      ᠲᠣᠰ ᠤᠳᠠᠭᠠᠨ ᠤ ᠪᠣᠯᠪᠠᠰᠤᠷᠠᠯ ᠨᠢ ᠠᠵᠢᠯ ᠲᠥᠷᠥᠯ ᠤᠨ ᠨᠡᠷ᠎ᠡ ᠲᠥᠷᠥ ᠲᠠᠢ ᠲᠤᠰᠬᠠᠶ ᠮᠡᠷᠭᠡᠵᠢᠯᠲᠡᠨ ᠢ ᠴᠤᠭᠯᠠᠷᠠᠭᠤᠯᠵᠤ᠂ ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠨᠠᠷᠢᠨ ᠨᠢᠮᠪᠠᠶ ᠬᠢᠴᠢᠶᠡᠯ ᠣᠷᠣᠪᠠ᠃ ᠬᠢᠴᠢᠶᠡᠯ ᠨᠢ ᠵᠢᠭᠤᠯᠴᠢᠯᠠᠭᠴᠢᠳ ᠤᠨ ᠬᠠᠷᠠᠭᠠᠰᠤ ᠠᠴᠠ ᠡᠭᠦᠰᠴᠦ᠂ ᠵᠣᠴᠢᠨ ᠤ ᠥᠷᠥᠭᠡᠨ ᠤ ᠪᠠᠶᠢᠷᠢᠯᠠᠭᠤᠯᠤᠭᠰᠠᠨ ᠭᠤᠸ᠎ᠠ ᠰᠠᠶᠢᠬᠠᠨ ᠪᠠ ᠲᠠᠭᠠᠯᠠᠮᠵᠢᠲᠠᠶ ᠲᠡᠩᠴᠡᠭᠦᠷᠢ ᠶᠢᠨ ᠵᠠᠮ ᠢ ᠭᠦᠨᠵᠡᠭᠡᠶ ᠲᠠᠶᠢᠯᠪᠤᠷᠢᠯᠠᠵᠤ᠂ ᠶᠡᠭᠡ ᠠᠴᠠ ᠣᠷᠣᠨ ᠵᠠᠶ ᠶᠢᠨ ᠪᠠᠶᠢᠷᠢᠰᠢᠭᠤᠯᠤᠯᠲᠠ᠂ ᠥᠩᠭᠡ ᠪᠤᠳᠤᠭ ᠢ ᠳᠣᠭᠢᠷᠠᠭᠤᠯᠤᠨ᠂ ᠪᠠᠭ᠎ᠠ ᠠᠴᠠ ᠣᠷᠣ ᠶᠢᠨ ᠪᠦᠲᠦᠭᠡᠭᠳᠡᠬᠦᠨ ᠢ ᠰᠣᠩᠭᠤᠵᠤ᠂ ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠵᠦ᠂ ᠬᠤᠨᠤᠭ ᠲᠤ ︽ᠵᠣᠴᠢᠳ ᠲᠤ ᠪᠤᠴᠠᠵᠤ ᠢᠷᠡᠭᠰᠡᠨ ᠮᠡᠲᠦ︾ ᠮᠥᠷᠲᠡᠭᠡᠨ ᠨᠢᠳᠦᠨ ᠡᠮᠦᠨᠡᠬᠢ ᠭᠡᠷᠡᠯᠲᠦᠭᠦᠯᠬᠦ ᠣᠷᠣᠨ ᠰᠠᠭᠤᠴᠠ ᠶᠢᠨ ᠣᠷᠴᠢᠨ ᠨᠥᠬᠦᠴᠡᠯ ᠢ ᠪᠣᠶ ᠪᠣᠯᠭᠠᠬᠤ ᠪᠠᠷ ᠴᠢᠷᠮᠠᠶᠢᠨ᠎ᠠ᠃      ᠶᠡᠷᠦᠩᠬᠡᠶᠢᠯᠡᠪᠡᠯ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠪᠦᠬᠦᠯᠢ ᠴᠣᠭᠴᠠ ᠶᠢᠨ ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠵᠤᠭᠠᠴᠠᠭᠰᠠᠳ ᠢ ᠤᠳᠠᠭᠠᠰᠢᠷᠠᠭᠤᠯᠵᠤ᠂ ᠦᠯᠡᠳᠡᠭᠡᠵᠦ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠤᠶᠢᠯᠡᠰ ᠤᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠵᠦ ᠂ ᠵᠠᠯᠭᠠᠭᠠᠳ ᠪᠠᠰᠠ ᠡᠶᠢᠮᠦᠷᠬᠦ ᠡᠨᠧᠷᠭᠢ ᠣᠯᠭᠤᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠷᠢᠶᠡᠨ ᠵᠢᠷᠤᠭ ᠢ ᠵᠢᠷᠤᠭᠯᠠᠨ᠎ᠠ᠃                 ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3