ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠳᠤᠮᠳᠠᠬᠢ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠥᠳᠡᠭᠡ ᠲᠣᠰᠬᠤᠨ ᠤ ᠠᠷᠠᠳ ᠤᠨ ᠣᠷᠣᠨ | ᠰᠠᠭᠤᠴᠠ ᠶᠢᠨ ᠠᠵᠤ ᠦᠢᠯᠡᠰ ᠲᠤ ᠴᠢᠳᠠᠪᠤᠷᠢᠲᠠᠨ ᠢ ᠨᠥᠭᠡᠴᠡᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠵᠤ᠂ ᠲᠣᠰᠬᠤᠨ ᠤ ᠠᠷᠠᠳ ᠤᠨ ᠨᠢᠭᠡ ᠮᠡᠷᠭᠡᠵᠢᠯ ᠢ ᠠᠰᠢᠭᠯᠠᠨ ᠠᠵᠢᠯ ᠣᠯᠭᠤᠯᠲᠠ ᠪᠠ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢᠨ ᠲᠥᠯᠥᠭᠡ᠂ 12 ᠰᠠᠷ᠎ᠠ ᠶᠢᠨ 25 ᠤ | ᠡᠳᠦᠷ ᠠᠴᠠ 12 ᠰᠠᠷ᠎ᠠ ᠶᠢᠨ 29 ᠤ ᠡᠳᠦᠷ ᠪᠣᠯᠲᠠᠯ᠎ᠠ᠂ ᠰᠢᠩ ᠾᠧ ᠰᠢᠶᠠᠨ ᠤ ᠭᠤᠤ ᠱᠧᠩ ︵ᠳᠤᠮᠳᠠᠳᠤ ᠤᠯᠤᠰ︶ | ᠠᠷᠠᠳ ᠤᠨ ᠣᠷᠣᠨ ᠰᠠᠭᠤᠴᠠ ᠶᠢᠨ ᠬᠠᠮᠢᠶᠠᠷᠤᠭᠴᠢ ᠶᠢᠨ ᠪᠣᠯᠪᠠᠰᠤᠷᠠᠯ ᠢ ᠥᠪᠥᠷ ᠮᠣᠩᠭᠤᠯ ᠤᠨ ᠰᠢᠩ ᠾᠧ ᠰᠢᠶᠠᠨ ᠳᠤ | ᠵᠢᠩᠬᠢᠨᠢ ᠪᠠᠷ ᠡᠬᠢᠯᠡᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠢ ᠭᠤᠤ ᠱᠧᠩ ︵ᠳᠤᠮᠳᠠᠳᠤ ᠤᠯᠤᠰ︶ ᠦᠨᠡᠲᠦ | ᠲᠡᠮᠳᠡᠭᠲᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠ ᠳᠤᠮᠳᠠᠳᠤ ᠤᠯᠤᠰ ᠤᠨ ᠬᠥᠳᠡᠭᠡ ᠲᠣᠰᠬᠤᠨ ᠤ | ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠰᠢᠩ ᠾᠧ ᠰᠢᠶᠠᠨ ᠤ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠴᠢᠩ ᠱᠠᠨ ᠵᠢᠭᠤᠯᠴᠢᠯᠠᠯ ᠤᠨ ᠪᠠᠯᠠ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠬᠠᠮᠵᠢᠯᠴᠠᠨ ᠡᠷᠭᠢᠯᠡᠵᠦ᠂ 40 ᠰᠢᠬᠠᠮ ᠬᠥᠮᠦᠨ ᠪᠣᠯᠪᠠᠰᠤᠷᠠᠭᠤᠯᠤᠯ ᠳᠤ | ᠣᠷᠣᠯᠴᠠᠵᠠᠶ᠃ | | | ᠠᠩᠭᠢ ᠡᠬᠢᠯᠡᠬᠦ ᠶᠣᠰᠣᠯᠠᠯ ᠳᠡᠭᠡᠷ᠎ᠡ᠂ ᠬᠠᠮᠢᠶ᠎ᠠ ᠪᠦᠬᠦᠢ ᠬᠠᠷᠢᠭᠤᠴᠠᠯᠭᠠᠲᠠᠨ ᠪᠦᠬᠦ ᠰᠤᠷᠤᠭᠴᠢᠳ ᠲᠤ ᠰᠢᠩ ᠾᠧ | ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠤᠨ ᠢᠷᠡᠭᠡᠳᠦᠶ ᠶᠢᠨ | ᠬᠠᠨᠳᠤᠰᠢ ᠶᠢ ᠲᠠᠨᠢᠯᠴᠠᠭᠤᠯᠵᠤ᠂ ᠠᠷᠠᠳ ᠤᠨ ᠣᠷᠣᠨ ᠰᠠᠭᠤᠴᠠ ᠶᠢᠨ ᠪᠣᠯᠪᠠᠰᠤᠷᠠᠭᠤᠯᠤᠯ ᠤᠨ ᠴᠢᠬᠤᠯᠠ ᠴᠢᠨᠠᠷ ᠪᠣᠯᠤᠨ | ᠵᠠᠶᠢᠯᠠᠰᠢ ᠦᠭᠡᠢ ᠴᠢᠨᠠᠷ ᠢ ᠲᠣᠳᠣᠷᠬᠠᠶᠢᠯᠠᠨ ᠥᠭᠦᠯᠡᠭᠰᠡᠨ ᠪᠥᠭᠡᠳ ᠪᠦᠬᠦ ᠰᠤᠷᠤᠭᠴᠢᠳ ᠤᠨ ᠪᠣᠯᠪᠠᠰᠤᠷᠠᠭᠤᠯᠤᠯ ᠤᠨ | ᠰᠠᠬᠢᠯᠭ᠎ᠠ ᠪᠠᠲᠤ ᠶᠢ ᠵᠢᠷᠤᠮᠯᠠᠬᠤ ᠱᠠᠭᠠᠷᠳᠠᠯᠭ᠎ᠠ ᠳᠤᠷᠠᠳᠴᠠᠶ᠃ | ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠣᠨᠣᠯ ᠤᠨ ᠵᠢᠭᠠᠨ ᠰᠤᠷᠭᠠᠯᠲᠠ ᠶᠢᠨ ᠲᠤᠬᠠᠶ ᠶᠢᠨ ᠲᠠᠯᠠᠪᠤᠷ ᠤᠨ | ᠦᠵᠡᠭᠦᠯᠦᠯᠭᠡ ᠶᠢᠨ ᠦᠢᠯᠡᠳᠦᠯᠭᠡ ᠶᠢᠨ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠤᠷᠤᠭᠴᠢᠳ ᠲᠤ | ᠪᠥᠬᠦ ᠲᠠᠯ᠎ᠠ ᠶᠢᠨ ᠪᠣᠯᠪᠠᠰᠤᠷᠠᠯ ᠬᠦᠷᠲᠡᠭᠡᠪᠡ᠃ ᠪᠣᠯᠪᠠᠰᠤᠷᠠᠭᠤᠯᠤᠯ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ | ᠶᠠᠩᠵᠤ ᠶᠢᠨ ᠪᠠᠶᠢᠵᠤ᠂ ᠰᠢᠩ ᠾᠧ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠬᠤ ᠪᠠ ᠠᠭᠤᠳᠠᠯᠠᠬᠤ ᠶᠢ | ᠪᠠᠭᠲᠠᠭᠠᠭᠰᠠᠨ ᠮᠥᠷᠲᠡᠭᠡᠨ ᠪᠠᠰᠠ ᠬᠤᠳᠠᠯᠳᠤᠭᠠᠨ ᠤ ᠶᠠᠪᠤᠳᠠᠯ ᠤᠨ ᠭᠥᠯᠢᠶᠡᠨ ᠠᠪᠬᠤ᠂ ᠭᠥᠯᠢᠶᠡᠨ ᠠᠪᠬᠤ ᠶᠣᠰᠣᠯᠠᠯ ᠵᠡᠷᠭᠡ | ᠪᠣᠳᠠᠲᠠᠶ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠲᠠᠢ ᠪᠠᠶᠢᠳᠠᠭ᠃ | ᠲᠣᠰ ᠤᠳᠠᠭᠠᠨ ᠤ ᠪᠣᠯᠪᠠᠰᠤᠷᠠᠯ ᠨᠢ ᠠᠵᠢᠯ ᠲᠥᠷᠥᠯ ᠤᠨ ᠨᠡᠷ᠎ᠡ ᠲᠥᠷᠥ ᠲᠠᠢ ᠲᠤᠰᠬᠠᠶ ᠮᠡᠷᠭᠡᠵᠢᠯᠲᠡᠨ ᠢ | ᠴᠤᠭᠯᠠᠷᠠᠭᠤᠯᠵᠤ᠂ ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ | ᠲᠣᠭᠤᠷᠢᠨ ᠳᠤ ᠨᠠᠷᠢᠨ ᠨᠢᠮᠪᠠᠶ ᠬᠢᠴᠢᠶᠡᠯ ᠣᠷᠣᠪᠠ᠃ ᠬᠢᠴᠢᠶᠡᠯ ᠨᠢ ᠵᠢᠭᠤᠯᠴᠢᠯᠠᠭᠴᠢᠳ ᠤᠨ ᠬᠠᠷᠠᠭᠠᠰᠤ ᠠᠴᠠ ᠡᠭᠦᠰᠴᠦ᠂ | ᠵᠣᠴᠢᠨ ᠤ ᠥᠷᠥᠭᠡᠨ ᠤ ᠪᠠᠶᠢᠷᠢᠯᠠᠭᠤᠯᠤᠭᠰᠠᠨ ᠭᠤᠸ᠎ᠠ ᠰᠠᠶᠢᠬᠠᠨ ᠪᠠ ᠲᠠᠭᠠᠯᠠᠮᠵᠢᠲᠠᠶ ᠲᠡᠩᠴᠡᠭᠦᠷᠢ ᠶᠢᠨ ᠵᠠᠮ ᠢ ᠭᠦᠨᠵᠡᠭᠡᠶ | ᠲᠠᠶᠢᠯᠪᠤᠷᠢᠯᠠᠵᠤ᠂ ᠶᠡᠭᠡ ᠠᠴᠠ ᠣᠷᠣᠨ ᠵᠠᠶ ᠶᠢᠨ ᠪᠠᠶᠢᠷᠢᠰᠢᠭᠤᠯᠤᠯᠲᠠ᠂ ᠥᠩᠭᠡ ᠪᠤᠳᠤᠭ ᠢ ᠳᠣᠭᠢᠷᠠᠭᠤᠯᠤᠨ᠂ ᠪᠠᠭ᠎ᠠ ᠠᠴᠠ | ᠣᠷᠣ ᠶᠢᠨ ᠪᠦᠲᠦᠭᠡᠭᠳᠡᠬᠦᠨ ᠢ ᠰᠣᠩᠭᠤᠵᠤ᠂ ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠵᠦ᠂ ᠬᠤᠨᠤᠭ ᠲᠤ ︽ | ᠵᠣᠴᠢᠳ ᠲᠤ ᠪᠤᠴᠠᠵᠤ ᠢᠷᠡᠭᠰᠡᠨ ᠮᠡᠲᠦ︾ ᠮᠥᠷᠲᠡᠭᠡᠨ ᠨᠢᠳᠦᠨ ᠡᠮᠦᠨᠡᠬᠢ ᠭᠡᠷᠡᠯᠲᠦᠭᠦᠯᠬᠦ ᠣᠷᠣᠨ ᠰᠠᠭᠤᠴᠠ ᠶᠢᠨ ᠣᠷᠴᠢᠨ | ᠨᠥᠬᠦᠴᠡᠯ ᠢ ᠪᠣᠶ ᠪᠣᠯᠭᠠᠬᠤ ᠪᠠᠷ ᠴᠢᠷᠮᠠᠶᠢᠨ᠎ᠠ᠃ | | | ᠶᠡᠷᠦᠩᠬᠡᠶᠢᠯᠡᠪᠡᠯ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠪᠦᠬᠦᠯᠢ ᠴᠣᠭᠴᠠ ᠶᠢᠨ | ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠠᠷᠠᠳ ᠤᠨ ᠣᠷᠣᠨ ᠰᠠᠭᠤᠴᠠ ᠶᠢᠨ ᠨᠠᠷᠠᠲᠤ | ᠲᠡᠮᠳᠡᠭᠲᠦ ᠶᠢ ᠪᠣᠶ ᠪᠣᠯᠭᠠᠵᠤ᠂ ᠵᠤᠭᠠᠴᠠᠭᠰᠠᠳ ᠢ ᠤᠳᠠᠭᠠᠰᠢᠷᠠᠭᠤᠯᠵᠤ᠂ ᠦᠯᠡᠳᠡᠭᠡᠵᠦ᠂ ᠬᠥᠳᠡᠭᠡ ᠲᠣᠰᠬᠤᠨ ᠤ ᠰᠣᠶᠣᠯ | ᠵᠢᠭᠤᠯᠴᠢᠯᠠᠯ ᠤᠨ ᠠᠵᠤ ᠤᠶᠢᠯᠡᠰ ᠤᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠵᠦ᠂ ᠵᠠᠯᠭᠠᠭᠠᠳ ᠪᠠᠰᠠ | ᠡᠶᠢᠮᠦᠷᠬᠦ ᠡᠨᠧᠷᠭᠢ ᠣᠯᠭᠤᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠡᠷᠢᠶᠡᠨ ᠵᠢᠷᠤᠭ ᠢ ᠵᠢᠷᠤᠭᠯᠠᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |