ᠯᠢ ᠺᠠᠶ ᠳ᠋ᠦᠩ ᠭᠤᠤᠯᠳᠠᠯᠭ᠎ᠠ ᠲᠠᠢ ᠲᠥᠷᠥᠯ ᠵᠦᠢᠯ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/2
     12 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠭᠤᠤᠯᠳᠠᠯᠭ᠎ᠠ ᠲᠠᠢ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨᠡᠬᠢ ᠡᠯᠧᠮᠧᠨ᠋ᠲ ᠤᠨ ᠪᠠᠲᠤᠯᠠᠭ᠎ᠠ ᠵᠢᠴᠢ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠺᠠᠢ ᠳ᠋ᠦᠩ ᠨᠡᠷ ᠵᠦᠩ ᠱᠦᠢ ᠬᠥᠭᠡᠷᠭᠡ ᠶᠢᠨ ᠦᠷᠳᠡᠭᠡ᠂ ᠰᠠᠨ ᠮᠧᠢ ᠶᠢᠨ ᠪᠣᠬᠢᠷᠲᠤᠯ ᠦᠭᠡᠢ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠡᠷᠳᠡᠨᠢ ᠪᠠᠯᠭᠠᠰᠤ ᠶᠢᠨ ᠵᠢᠶᠠ ᠪᠠ ᠽᠢ ᠲᠣᠰᠬᠤᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠬᠠᠶᠠᠭᠳᠠᠮᠠᠯ ᠨᠦᠬᠡ᠂ ᠬᠠᠶᠠᠭᠳᠠᠮᠠᠯ ᠴᠢᠯᠠᠭᠤ ᠣᠪᠣᠭᠠᠯᠠᠬᠤ ᠠᠮᠢ ᠠᠬᠤᠢ ᠶᠢ ᠰᠡᠷᠭᠦᠭᠡᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠰᠠᠨ ᠮᠧᠢ ᠺᠣᠮᠫᠠᠨᠢ ᠶᠢᠨ ᠲᠡᠮᠦᠷ ᠤᠨ ᠬᠠᠶᠢᠯᠤᠰᠢ ᠶᠢᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨᠡᠬᠢ ᠡᠯᠧᠮᠧᠨ᠋ᠲ ᠤᠨ ᠪᠠᠲᠤᠯᠠᠭ᠎ᠠ ᠶᠢᠨ ᠪᠠᠶᠢᠳᠠᠯ ᠵᠢᠴᠢ ᠠᠮᠢ ᠠᠬᠤᠢ ᠶᠢ ᠰᠡᠷᠭᠦᠭᠡᠨ ᠵᠠᠰᠠᠭᠰᠠᠨ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠤᠷᠢᠳᠠᠪᠠᠷ ᠦᠢᠯᠡᠴᠢᠯᠡᠵᠦ᠂ ᠲᠥᠷᠥᠯ ᠵᠦᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠵᠤ ᠠᠬᠤᠶᠢᠯᠠᠯ ᠢ ᠨᠠᠷᠢᠯᠢᠭ ᠣᠨᠣᠴᠠᠲᠠᠶ ᠪᠠᠷ ᠬᠠᠪᠰᠤᠷᠤᠨ ᠲᠥᠷᠥᠯ ᠵᠦᠢᠯ ᠳᠤ ᠲᠤᠯᠭᠠᠷᠠᠭᠰᠠᠨ ᠡᠪᠡᠷᠰᠢᠶᠡᠯ᠂ ᠲᠦᠭᠵᠢᠷᠡᠯ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠥᠷᠥᠯ ᠵᠦᠢᠯ ᠤᠨ ᠤᠷᠤᠭᠰᠢᠲᠠᠶ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠠᠩᠭᠠᠯᠭ᠎ᠠ ᠶᠢᠨ ᠲᠥᠰᠦᠯ ᠢ ᠨᠠᠷᠢᠯᠢᠭᠵᠢᠭᠤᠯᠵᠤ᠂ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠠᠴᠠ ᠡᠮᠦᠨᠡᠬᠢ ᠤᠰᠤ᠂ ᠴᠠᠬᠢᠯᠭᠠᠨ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ᠃ ᠳᠠᠷᠠᠭ᠎ᠠ ᠵᠢᠯ ᠤᠨ ᠵᠠᠰᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠲᠦᠷᠭᠡᠨ ᠠᠬᠢᠭᠤᠯᠵᠤ᠂ ᠵᠠᠰᠠᠬᠤ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠡᠳᠦᠷ ᠳᠤᠳᠤᠮ ᠤᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠪᠣᠯᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ︽ᠠᠮᠤᠷ ᠲᠦᠪᠰᠢᠨ ᠤ ᠲᠣᠣᠷ︾ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3