1 ᠰᠠᠷ᠎ᠠ ᠶᠢᠨ 29 ᠤ ᠡᠳᠦᠷ ᠤᠨ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ᠂ ᠥᠷᠭᠡᠨ ᠣᠯᠠᠨ | ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠦᠨᠡᠨ ᠬᠦ | ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠵᠤ᠂ ᠥᠷᠭᠡᠨ | ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠬᠦ ᠶᠢᠨ ᠲᠥᠯᠥᠭᠡ᠂ ᠰᠢᠩ ᠾᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠠᠷᠠᠳ ᠤᠨ ᠲᠤᠰᠠᠯᠠᠬᠤ ᠴᠠᠭᠳᠠᠭ᠎ᠠ ᠶᠢᠨ ᠵᠡᠭᠡᠯᠢ ᠳᠡᠭᠡᠷ᠎ᠡ ᠭᠠᠷᠴᠤ ᠴᠠᠭᠠᠨ ᠰᠠᠷ᠎ᠠ ᠠᠴᠠ ᠡᠮᠦᠨᠡᠬᠢ ᠵᠠᠮ | ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠠᠷᠠᠳ ᠤᠨ ᠲᠤᠰᠠᠯᠠᠬᠤ ᠴᠠᠭᠳᠠᠭ᠎ᠠ ᠣᠯᠠᠨ ᠲᠦᠮᠡᠨ ᠳᠤ ᠵᠠᠮ | ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠠᠰᠢ ᠴᠠᠰᠢ ᠶᠠᠪᠤᠬᠤ ᠣᠯᠠᠨ | ᠲᠦᠮᠡᠨ ᠳᠤ ᠴᠠᠭᠠᠨ ᠰᠠᠷ᠎ᠠ ᠶᠢᠨ ᠬᠤᠭᠤᠴᠠᠭᠠᠨ ᠳᠠᠬᠢ ︽ᠲᠡᠷᠭᠡ ᠵᠢᠯᠣᠭᠤᠳᠬᠤ ᠳᠤ ᠠᠩᠬᠠᠷᠬᠤ ᠵᠦᠢᠯ︾᠂ ︽ | ᠬᠤᠷᠳᠤᠴᠠ ᠠᠴᠠ ᠬᠡᠲᠦᠷᠡᠬᠦ᠂ ᠳᠠᠭᠠᠭᠠᠴᠠ ᠠᠴᠠ ᠬᠡᠲᠦᠷᠡᠬᠦ ᠶᠢᠨ ᠬᠤᠤᠷ ᠬᠥᠨᠥᠭᠡᠯ︾᠂ ᠡᠪᠦᠯ ᠤᠨ ᠤᠯᠠᠷᠢᠯ ᠤᠨ | ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠵᠢᠴᠢ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠨᠡᠶᠢᠭᠡᠮ ᠤᠨ ᠬᠤᠤᠷ ᠬᠥᠨᠥᠭᠡᠯ᠂ ᠥᠷᠭᠡᠨ ᠣᠯᠠᠨ ᠲᠦᠮᠡᠨ ᠳᠤ ᠴᠠᠭᠠᠨ | ᠰᠠᠷ᠎ᠠ ᠭᠠᠳᠠᠭᠰᠢ ᠭᠠᠷᠬᠤ ᠳᠤ ᠡᠷᠬᠡᠪᠰᠢ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ | ᠬᠡᠷᠡᠭᠲᠡᠶ ᠭᠡᠵᠦ ᠰᠠᠨᠠᠭᠤᠯᠪᠠ᠃ | ᠬᠠᠮᠤᠭ ᠤᠨ ᠰᠡᠭᠦᠯ ᠳᠤ᠂ ᠶᠡᠭᠡ ᠠᠩᠭᠢ ᠶᠢᠨ ᠠᠷᠠᠳ ᠤᠨ ᠲᠤᠰᠠᠯᠠᠬᠤ ᠴᠠᠭᠳᠠᠭ᠎ᠠ ᠪᠠᠰᠠ ᠮᠣᠲ᠋ᠣᠷ ᠤᠨᠤᠵᠤ | ᠠᠮᠤᠷ ᠲᠦᠪᠰᠢᠨ ᠤ ᠳᠤᠭᠤᠯᠠᠭ᠎ᠠ᠂ ᠮᠣᠲ᠋ᠣᠷ ᠲᠡᠷᠭᠡ ᠶᠢᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ | ᠲᠠᠷᠢᠶᠠᠯᠠᠩ ᠳᠤ ᠬᠡᠷᠡᠭᠯᠡᠬᠦ ᠲᠡᠷᠭᠡ ᠶᠢ ᠬᠠᠤᠯᠢ ᠪᠤᠰᠤ ᠪᠠᠷ ᠬᠥᠮᠦᠨ ᠠᠴᠢᠶᠠᠯᠠᠭᠰᠠᠨ ᠠᠴᠠ ᠪᠣᠯᠤᠭᠰᠠᠨ ᠵᠠᠮ | ᠬᠠᠷᠢᠯᠴᠠᠭᠠᠨ ᠤ ᠠᠳᠡᠯ ᠤᠨ ᠬᠡᠷᠡᠭ ᠢ ᠵᠢᠭᠰᠠᠭᠠᠨ ᠵᠢᠭᠰᠠᠭᠠᠬᠤ ᠪᠠᠷ ᠳᠠᠮᠵᠢᠭᠤᠯᠤᠨ᠂ ᠳᠡᠭᠡᠷ᠎ᠡ ᠳᠤᠷᠠᠳᠤᠭᠰᠠᠨ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢᠨ ᠬᠤᠣᠷ ᠬᠥᠨᠥᠭᠡᠯᠲᠦ ᠴᠢᠨᠠᠷ ᠢ ᠣᠯᠠᠨ | ᠲᠦᠮᠡᠨ ᠳᠤ ᠲᠠᠨᠢᠭᠤᠯᠪᠠ᠃ ᠡᠨᠡ ᠤᠳᠠᠭ᠎ᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠪᠠᠷ | ᠳᠠᠮᠵᠢᠭᠤᠯᠤᠨ᠂ ᠥᠷᠭᠡᠨ ᠤᠯᠠᠨ ᠲᠦᠮᠡᠨ ᠢ ᠠᠮᠤᠷ ᠲᠦᠪᠰᠢᠨ ᠤ ᠤᠬᠠᠮᠰᠠᠷ᠂ ᠬᠠᠤᠯᠢ ᠶᠢ ᠰᠠᠬᠢᠬᠤ ᠤᠬᠠᠮᠰᠠᠷ ᠢ | ᠦᠨᠡᠨ ᠬᠦ ᠪᠤᠢ ᠪᠣᠯᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠵᠤ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠬᠦᠰᠡᠵᠦ ᠪᠠᠶᠢᠨ᠎ᠠ ᠭᠡᠵᠡᠢ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |