ᠰᠢᠩ ᠾᠧ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠳ᠋ᠠ ᠲᠦᠩ ᠶᠣᠣ ᠰᠢᠶᠠᠩ ᠤᠨ ᠭᠤᠤᠯ ᠰᠤᠷᠭᠠᠭᠤᠯᠢ ᠳᠤ ᠭᠦᠨᠵᠡᠭᠡᠶᠢᠷᠡᠨ ᠡᠵᠢ ᠪᠠᠨ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/4
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠬᠠᠶᠢᠷᠠᠯᠠᠬᠤ ᠶᠢᠨ ᠲᠥᠯᠥᠭᠡ᠂ ᠣᠶᠢᠷ᠎ᠠ ᠳᠤ᠂ ᠰᠢᠩ ᠾᠧ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠳ᠋ᠡ ᠲᠦᠩ ᠶᠣᠣ ᠰᠢᠶᠠᠩ ᠤᠨ ᠭᠤᠤᠯ ᠰᠤᠷᠭᠠᠭᠤᠯᠢ ᠳᠤ ︽ᠬᠠᠶᠢᠷ᠎ᠠ ᠬᠠᠯᠠᠮᠵᠢ ᠶᠢ ᠨᠢᠭᠲᠠᠷᠠᠭᠤᠯᠵᠤ᠂ ᠬᠠᠯᠠᠭᠤᠨ ᠳᠤᠯᠠᠭᠠᠨ ᠢᠶᠠᠷ ᠬᠠᠮᠲᠤ ᠤᠷᠤᠭᠰᠢᠯᠠᠶ᠎ᠠ︾ ᠭᠡᠬᠦ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠠᠶᠢᠷᠠᠲᠤ ᠡᠵᠢ︾ ᠪᠠᠨ ᠵᠣᠬᠢᠶᠠᠨ ᠪᠠᠶᠢᠭᠤᠯᠵᠤ ᠳ᠋ᠡ ᠲᠦᠩ ᠶᠣᠣ ᠭᠤᠤᠯ ᠰᠤᠷᠭᠠᠭᠤᠯᠢ ᠳᠤ ᠬᠦᠷᠴᠦ ᠬᠡᠷ ᠲᠡᠭᠡᠨ ᠬᠤᠴᠣᠷᠤᠭᠰᠠᠨ ᠬᠦᠴᠢᠷᠳᠡᠯᠲᠡᠶ ᠬᠡᠤᠬᠡᠳ ᠲᠤ ᠬᠠᠯᠠᠮᠵᠢᠯᠠᠯ ᠦᠢᠯᠡᠴᠢᠯᠡᠭᠡ ᠬᠠᠩᠭᠠᠵᠤ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠭᠤᠤ ᠯᠢ ᠷᠦᠩ᠂ ᠳ᠋ᠠ ᠲᠦᠩ ᠶᠣᠣ ᠰᠢᠶᠠᠩ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠭᠦᠩ ᠴᠢᠶᠣᠤ ᠶᠦᠨ ᠬᠡᠦᠬᠡᠳ ᠤᠳ ᠲᠤ ᠥᠲᠥᠨ ᠬᠤᠪᠴᠠᠰᠤ᠂ ᠮᠠᠯᠠᠭᠠᠶ᠂ ᠬᠦᠵᠦᠭᠦᠨ ᠤ ᠣᠷᠢᠶᠠᠯᠲᠠ᠂ ᠨᠣᠮ ᠪᠢᠴᠢᠭ ᠵᠡᠷᠭᠡ ᠬᠠᠶᠢᠷ᠎ᠠ ᠬᠠᠯᠠᠮᠵᠢ ᠶᠢᠨ ᠡᠳ᠋ ᠪᠣᠳᠠᠰ ᠬᠦᠷᠭᠡᠭᠰᠡᠨ ᠪᠥᠭᠡᠳ ᠬᠡᠦᠬᠡᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠣᠳᠣᠬᠢ ᠪᠠᠶᠢᠳᠠᠯ ᠪᠠ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠨᠢᠭᠤᠷᠳᠠᠬᠤ᠂ ᠰᠡᠳᠬᠢᠯ ᠵᠢᠷᠦᠬᠡ ᠪᠠᠨ ᠬᠤᠯᠪᠣᠬᠤ ᠬᠡᠯᠪᠡᠷᠢ ᠪᠠᠷ ᠬᠡᠦᠬᠡᠳ ᠤᠨ ᠰᠡᠳᠬᠢᠯ ᠤᠨ ᠦᠭᠡ ᠶᠢ ᠬᠦᠯᠢᠴᠡᠩᠭᠦᠶ ᠪᠠᠷ ᠰᠣᠨᠣᠰᠴᠤ᠂ ᠲᠡᠭᠦᠨ ᠢ ᠨᠠᠷᠢᠨ ᠬᠢᠨᠠᠮᠠᠭᠠᠶ ᠰᠤᠷᠤᠯᠴᠠᠵᠤ᠂ ᠢᠳᠡᠪᠬᠢᠲᠡᠶ ᠥᠭᠡᠳᠡᠯᠡᠨ ᠳᠠᠪᠰᠢᠵᠤ᠂ ᠵᠣᠷᠢᠭᠲᠠᠶ ᠪᠠᠷ ᠠᠮᠢᠳᠤᠷᠠᠬᠤ ᠶᠢ ᠵᠣᠷᠢᠭᠵᠢᠭᠤᠯᠪᠠ᠃      ᠬᠡᠤᠬᠡᠳ ᠪᠣᠯ ᠡᠬᠡ ᠤᠯᠤᠰ ᠤᠨ ᠢᠷᠡᠭᠡᠳᠦᠶ ᠮᠥᠨ᠂ ᠳᠤᠮᠳᠠᠳᠤ ᠶᠢᠨ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠪᠠᠭᠠᠴᠤᠳ ᠬᠡᠤᠬᠡᠳ ᠢ ᠬᠠᠯᠠᠮᠵᠢᠯᠠᠨ ᠬᠠᠶᠢᠷᠠᠯᠠᠬᠤ ᠪᠣᠯ ᠨᠢᠭᠡ ᠵᠦᠢᠯ ᠤᠨ ᠨᠡᠶᠢᠭᠡᠮ ᠤᠨ ᠬᠠᠷᠢᠭᠤᠴᠠᠯᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠬᠠᠶᠢᠷ᠎ᠠ ᠬᠠᠯᠠᠮᠵᠢ ᠶᠢᠨ ᠳᠠᠮᠵᠢᠭᠤᠯᠭ᠎ᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠳ᠋ᠠ ᠲᠦᠩ ᠶᠣᠣ ᠰᠢᠶᠠᠩ ︽ᠬᠠᠶᠢᠷ᠎ᠠ ᠶᠢᠨ ᠡᠵᠢ︾ ᠶᠢᠨ ᠰᠠᠶᠢᠨ ᠳᠤᠷ᠎ᠠ ᠶᠢᠨ ᠡᠩᠨᠡᠭᠡ ᠶᠢ ᠠᠯᠬᠤᠮ ᠠᠯᠬᠤᠮ ᠢᠶᠠᠷ ᠪᠤᠵᠠᠭᠠᠶᠢᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠷ ᠲᠡᠭᠡᠨ ᠬᠤᠴᠣᠷᠤᠭᠰᠠᠨ ᠬᠡᠤᠬᠡᠳ ᠤᠨ ᠬᠡᠷᠡᠭᠴᠡᠭᠡ ᠱᠠᠭᠠᠷᠳᠠᠯᠭ᠎ᠠ ᠶᠢ ᠠᠩᠬᠠᠷᠤᠨ ᠠᠩᠬᠠᠷᠴᠤ᠂ ᠨᠠᠷᠢᠯᠢᠬᠵᠢᠭᠤᠯᠤᠨ ᠪᠠᠷᠢᠮᠵᠢᠶ᠎ᠠ ᠲᠠᠢ ᠬᠠᠷᠢᠴᠠᠭᠤᠯᠤᠨ ᠬᠠᠪᠰᠤᠷᠴᠤ᠂ ᠬᠠᠶᠢᠷ᠎ᠠ ᠪᠠᠷ ︽ᠰᠡᠳᠬᠢᠯ ᠢ ᠳᠤᠯᠠᠭᠠᠴᠠᠭᠤᠯᠬᠤ ᠰᠢᠬᠦᠷ︾ ᠢ ᠲᠤᠯᠭᠠᠭᠤᠷᠢᠯᠠᠵᠤ᠂ ᠬᠡᠤᠬᠡᠳ ᠢ ᠬᠠᠶᠢᠷ᠎ᠠ ᠬᠠᠯᠠᠮᠵᠢ ᠶᠢᠨ ᠳᠤᠮᠳᠠ ᠢᠳᠡᠷᠡᠭᠦᠨ ᠢᠶᠠᠷ ᠦᠰᠦᠨ ᠪᠤᠶᠢᠵᠢᠭᠤᠯᠤᠨ᠎ᠠ᠃                     ᠵᠤᠬᠢᠶᠠᠭᠴᠢ᠄ ᠳ᠋ᠠ ᠲᠥᠩ ᠶᠣᠣ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3