︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠷᠠᠳ ᠤᠯᠠᠨ ᠯᠤᠭ᠎ᠠ ᠶᠢᠨ ᠬᠠᠷᠢᠯᠴᠠᠭ᠎ᠠ ᠶᠢ ᠤᠯᠠᠮ ᠨᠢᠭᠡ | ᠠᠯᠬᠤᠮ ᠨᠢᠭᠲᠠᠷᠠᠭᠤᠯᠵᠤ᠂ ᠲᠥᠯᠥᠭᠡᠯᠡᠭᠴᠢ ᠭᠡᠰᠢᠭᠦᠳ ᠤᠨ ᠤᠯᠠᠨ ᠲᠦᠮᠡᠨ ᠲᠠᠢ ᠬᠠᠷᠢᠯᠴᠠᠬᠤ᠂ ᠠᠷᠠᠳ ᠤᠨ ᠰᠠᠨᠠᠭ᠎ᠠ ᠶᠢ | ᠲᠤᠰᠬᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ | ᠤᠯᠠᠨ ᠤ ᠳᠡᠷᠭᠡᠳᠡᠬᠢ ᠶᠡᠭᠡ ᠶᠠᠪᠤᠳᠠᠯ ᠪᠠᠭ᠎ᠠ ᠰᠡᠳᠬᠢᠯᠭᠡ ᠶᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ 2 ᠰᠠᠷ᠎ᠠ ᠶᠢᠨ | 7 ᠤ ᠡᠳᠦᠷ ᠰᠠᠶᠢᠬᠤᠰᠤ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠤᠨ ᠰᠣᠯᠢᠯᠴᠠᠭᠠᠨ ᠤ | ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠶᠢᠨ ᠬᠠᠮᠲᠤ ᠤᠯᠠᠨ ᠲᠦᠮᠡᠨ ᠢ ᠰᠤᠷᠪᠤᠯᠵᠢᠯᠠᠬᠤ | ᠠᠵᠢᠯᠯᠠᠭ᠎ᠠ ᠥᠷᠨᠢᠭᠦᠯᠵᠦ᠂ ᠪᠠᠯᠭᠠᠰᠤᠨ ᠤ ᠬᠡᠰᠡᠭ ᠤᠳᠤᠷᠢᠳᠤᠯᠭ᠎ᠠ᠂ ᠡᠯ᠎ᠡ ᠲᠣᠰᠬᠤᠨ ᠤ ᠲᠥᠯᠥᠭᠡᠯᠡᠭᠴᠢ ᠭᠡᠰᠢᠭᠦᠨ᠂ | ᠬᠡᠰᠡᠭ ᠲᠣᠰᠬᠤᠨ ᠤ ᠠᠷᠠᠳ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠵᠤ᠂ ᠤᠯᠠᠨ ᠲᠦᠮᠡᠨ ᠤ ᠬᠦᠴᠢᠷ | ᠠᠰᠠᠭᠤᠳᠠᠯ ᠳᠤ ᠬᠦᠴᠦᠯᠡᠨ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠬᠠᠮᠲᠤᠪᠠᠷ | ᠵᠢᠷᠤᠭᠯᠠᠪᠠ᠃ | ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠪᠣᠯᠣᠨ ᠪᠦᠬᠦ ᠰᠢᠶᠠᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ | ᠣᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠴᠢᠭᠯᠡᠯ ᠢ ᠲᠣᠳᠣᠷᠬᠠᠶᠢᠯᠠᠵᠤ᠂ ᠲᠥᠯᠥᠭᠡᠯᠡᠭᠴᠢ | ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠬᠦ ᠳᠤ | ᠰᠠᠭᠤᠷᠢ ᠲᠠᠯᠪᠢᠪᠠ᠃ ᠡᠯ᠎ᠡ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠤᠨ ᠬᠠᠷᠢᠭᠤᠴᠠᠯᠭᠠᠲᠠᠨ | 2024 ᠣᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠦᠷ᠎ᠡ ᠪᠦᠲᠦᠮᠵᠢ ᠵᠢᠴᠢ ᠲᠤᠷᠰᠢᠯᠭ᠎ᠠ ᠪᠠᠨ | ᠬᠠᠷᠢᠭᠤ ᠮᠡᠳᠡᠭᠦᠯᠵᠦ᠂ ᠥᠩᠭᠡᠷᠡᠭᠰᠡᠨ ᠨᠢᠭᠡ ᠵᠢᠯ ᠤᠨ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ | ᠭᠦᠢᠴᠡᠳᠬᠡᠭᠰᠡᠨ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠰᠡᠨ᠂ ᠵᠥᠷᠢᠴᠡᠯ ᠵᠢᠭᠤᠷᠠᠯᠳᠤᠭᠠᠨ ᠢ | ᠡᠶᠡᠳᠡᠭᠦᠯᠬᠦ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ 2025 ᠣᠨ ᠤ ᠠᠵᠢᠯ ᠤᠨ ᠭᠤᠤᠯᠳᠠᠯᠭ᠎ᠠ ᠶᠢ ᠰᠢᠰᠲ᠋ᠧᠮ ᠲᠠᠢ | ᠲᠥᠯᠥᠪᠵᠢᠭᠦᠯᠪᠡ᠃ ᠬᠤᠷᠠᠯ ᠠᠴᠠ᠂ ᠬᠠᠷᠢᠯᠴᠠᠬᠤ ᠦᠷᠳᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠷᠢᠯᠴᠠᠬᠤ ᠦᠷᠳᠡᠭᠡ ᠶᠢᠨ ᠤᠯᠠᠨ ᠲᠦᠮᠡᠨ ᠲᠠᠢ ᠨᠢᠭᠲᠠ | ᠬᠠᠷᠢᠯᠴᠠᠬᠤ᠂ ᠠᠷᠠᠳ ᠤᠨ ᠰᠠᠨᠠᠭ᠎ᠠ ᠶᠢ ᠴᠤᠭᠯᠠᠭᠤᠯᠬᠤ ᠠᠷᠭ᠎ᠠ ᠵᠠᠮ ᠢ ᠰᠢᠯᠤᠭᠤᠳᠬᠠᠬᠤ᠂ ᠲᠥᠯᠥᠭᠡᠯᠡᠭᠴᠢ ᠭᠡᠰᠢᠭᠦᠳ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠴᠢᠩᠭᠠᠳᠬᠠᠬᠤ ᠲᠠᠯ᠎ᠠ ᠪᠠᠷ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ᠃ | ᠶᠠᠷᠢᠯᠴᠠᠬᠤ ᠬᠤᠷᠠᠯ ᠳᠡᠭᠡᠷ᠎ᠡ ᠲᠥᠯᠥᠭᠡᠯᠡᠭᠴᠢ ᠭᠡᠰᠢᠭᠦᠳ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠠᠵᠤ | ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠯᠪᠣᠭ᠎ᠠ ᠠᠪᠬᠤ ᠦᠷᠳᠡᠭᠡ ᠶᠢᠨ | ᠦᠢᠯᠡᠳᠦᠯ ᠢ ᠪᠠᠳᠠᠷᠠᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠨᠢᠭᠤᠷᠳᠠᠨ ᠰᠣᠯᠢᠯᠴᠠᠭ᠎ᠠ ᠬᠢᠵᠦ᠂ ︽ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ︾ ᠴᠠᠬᠢᠯᠭᠠᠨ ᠤ ᠦᠨ᠎ᠡ ᠶᠢ ᠦᠨᠡᠲᠡᠢ᠂ ᠵᠠᠩ ᠰᠢᠶᠠᠩ ᠲᠣᠰᠬᠤᠨ ᠤ ᠲᠦᠭᠡᠭᠡᠯ ᠤᠰᠤ ᠶᠢ | ᠬᠠᠭᠤᠴᠢᠷᠠᠭᠤᠯᠬᠤ᠂ ᠭᠠᠵᠠᠷ ᠰᠢᠷᠣᠢ ᠶᠢᠨ ᠳᠠᠭᠠᠭᠠᠴᠢᠯᠠᠯᠲᠠ ᠵᠡᠷᠭᠡ ᠠᠰᠠᠭᠤᠳᠠᠯ ᠢ ᠲᠥᠯᠥᠭᠡᠯᠡᠭᠴᠢ ᠭᠡᠰᠢᠭᠦᠳ ᠨᠢᠭᠡᠳ | ᠨᠢᠭᠡ ᠪᠠᠷ ᠬᠠᠷᠢᠭᠤᠯᠵᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠶᠢᠨ ᠠᠷᠭ᠎ᠠ ᠦᠭᠡᠢ ᠠᠰᠠᠭᠤᠳᠠᠯ ᠢ | ᠬᠤᠷᠢᠶᠠᠩᠭᠤᠶᠢᠯᠠᠭᠰᠠᠨ ᠤ ᠳᠠᠷᠠᠭ᠎ᠠ ᠲᠡᠰ ᠳᠠᠷᠠᠭᠠᠯᠠᠯ ᠶᠣᠰᠣᠭᠠᠷ ᠰᠢᠯᠵᠢᠭᠦᠯᠦᠨ ᠭᠦᠢᠴᠡᠳᠬᠡᠵᠦ᠂ ᠵᠣᠬᠢᠴᠠᠭᠤᠯᠤᠨ ᠮᠥᠷᠳᠡᠨ | ᠰᠢᠢᠳᠪᠦᠷᠢᠯᠡᠵᠦ᠂ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ | ᠪᠣᠯᠭᠠᠪᠠ᠃ | ᠬᠤᠷᠠᠯ ᠤᠨ ᠳᠠᠷᠠᠭ᠎ᠠ᠂ ᠲᠥᠯᠥᠭᠡᠯᠡᠭᠴᠢ ᠭᠡᠰᠢᠭᠦᠳ ᠭᠤᠯᠢᠷ ᠪᠣᠯᠪᠠᠰᠤᠷᠠᠭᠤᠯᠬᠤ ᠦᠢᠯᠡᠳᠪᠦᠷᠢ ᠪᠠ ᠲᠡᠵᠢᠭᠡᠨ | ᠦᠷᠡᠵᠢᠭᠦᠯᠬᠦ ᠲᠣᠮᠣ ᠡᠷᠦᠬᠡ ᠳᠤ ᠬᠦᠷᠴᠦ᠂ ᠦᠢᠯᠡᠳᠪᠦᠷᠢ᠂ ᠲᠡᠵᠢᠭᠡᠨ ᠦᠷᠡᠵᠢᠭᠦᠯᠬᠦ ᠦᠢᠯᠡᠳᠪᠦᠷᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠠᠷᠢᠨ ᠠᠰᠠᠭᠤᠵᠤ᠂ ᠬᠠᠷᠢᠭᠤᠴᠠᠯᠭᠠᠲᠠᠨ ᠤ ᠳᠤᠷᠠᠳᠤᠭᠰᠠᠨ | ᠦᠢᠯᠡᠳᠭᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢᠪᠴᠤᠤ᠂ ᠦᠬᠡᠷ ᠤᠨ ᠮᠢᠬᠠᠨ ᠤ ᠦᠨ᠎ᠡ ᠬᠠᠩᠰᠢ ᠳᠣᠤᠷ᠎ᠠ ᠪᠠᠶᠢᠬᠤ | ᠵᠡᠷᠭᠡ ᠠᠰᠠᠭᠤᠳᠠᠯ ᠳᠤ ᠴᠢᠭᠯᠡᠭᠦᠯᠦᠨ᠂ ᠲᠥᠯᠥᠭᠡᠯᠡᠭᠴᠢ ᠭᠡᠰᠢᠭᠦᠳ ᠤᠨ ᠠᠰᠠᠭᠤᠳᠠᠯ ᠢ ᠵᠠᠳᠠᠯᠵᠤ᠂ ᠠᠷᠭ᠎ᠠ ᠤᠬᠠᠭᠠᠨ | ᠭᠠᠷᠭᠠᠵᠤ᠂ ᠲᠡᠳᠡᠨ ᠤ ᠢᠲᠡᠭᠡᠯ ᠢᠶᠠᠨ ᠳᠡᠭᠡᠭᠰᠢᠯᠡᠭᠦᠯᠵᠦ᠂ ᠬᠦᠴᠢᠷᠳᠡᠯ ᠢᠶᠠᠨ ᠳᠠᠪᠠᠭ᠋ᠤ ᠶᠢ ᠵᠣᠷᠢᠭᠵᠢᠭᠤᠯᠪᠠ᠃ | ᠰᠢᠨ᠎ᠡ ᠨᠢᠭᠡ ᠵᠢᠯ ᠳᠤ᠂ ᠰᠠᠶᠢᠬᠤᠰᠤ ᠪᠠᠯᠭᠠᠰᠤ ᠲᠤᠰ ᠤᠳᠠᠭ᠎ᠠ ᠶᠢᠨ ᠶᠠᠷᠢᠯᠴᠠᠬᠤ ᠬᠤᠷᠠᠯ ᠤᠨ ᠠᠶᠢᠯᠴᠢᠯᠠᠭᠰᠠᠨ | ᠦᠷ᠎ᠡ ᠪᠦᠲᠦᠭᠡᠯ ᠳᠤ ᠰᠠᠭᠤᠷᠢᠯᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠭᠦᠢᠴᠡᠳ | ᠪᠠᠳᠠᠷᠠᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠬᠡᠬᠦ | ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠢᠳᠡᠪᠬᠢᠵᠢᠯ ᠢ ᠬᠥᠭᠵᠢᠭᠡᠵᠦ᠂ ᠲᠥᠯᠥᠭᠡᠯᠡᠭᠴᠢ ᠭᠡᠰᠢᠭᠦᠳ ᠲᠠᠢ ᠬᠠᠮᠲᠤ ᠪᠠᠷ ᠦᠨᠳᠦᠰᠦᠨ ᠱᠠᠲᠤᠨ ᠤ | ᠵᠠᠰᠠᠯᠲᠠ ᠶᠢᠨ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠭᠯᠠᠵᠤ᠂ ᠡᠶ᠎ᠡ ᠵᠣᠬᠢᠴᠠᠩᠭᠤᠢ ᠦᠵᠡᠰᠬᠦᠯᠡᠩᠲᠦ | ᠰᠠᠶᠢᠬᠠᠨ ᠰᠢᠨ᠎ᠡ ᠬᠥᠳᠡᠭᠡ ᠲᠣᠰᠬᠤᠨ ᠢ ᠬᠠᠮᠲᠤᠪᠠᠷ ᠪᠦᠳᠦᠭᠡᠨ ᠪᠠᠶᠢᠭᠤᠯᠤᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |