ᠰᠢᠩ ᠾᠧ ᠰᠢᠶᠠᠨ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠬᠠᠷᠢᠯᠴᠠᠨ ᠰᠢᠭᠢᠳᠬᠡᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2025/2/24
     ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ︾ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠠᠵᠢᠯ ᠣᠯᠭᠤᠯᠲᠠ ᠭᠡᠬᠦ ᠡᠨᠡᠬᠦ ᠠᠷᠠᠳ ᠤᠨ ᠠᠮᠢᠳᠤᠷᠠᠯ ᠤᠨ ᠦᠨᠳᠦᠰᠦ ᠶᠢ ᠴᠢᠩᠭ᠎ᠠ ᠠᠩᠬᠠᠷᠴᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠦᠨᠳᠦᠰᠦᠲᠡᠨ ᠨᠦᠭᠦᠳ ᠤᠨ ᠤᠯᠠᠨ ᠲᠦᠮᠡᠨ ᠤ ᠭᠦᠨᠵᠡᠭᠡᠢ ᠬᠠᠷᠢᠯᠴᠠᠨ ᠠᠭᠤᠰᠤᠯᠴᠠᠵᠤ᠂ ᠣᠷᠭᠠᠨᠢᠭ ᠢᠶᠠᠷ ᠠᠭᠤᠰᠤᠯᠴᠠᠵᠤ᠂ ᠬᠠᠮᠲᠤ ᠪᠠᠷ ᠬᠥᠭᠵᠢᠬᠦ ᠶᠢ ᠠᠬᠢᠭᠤᠯᠪᠠ᠃      ᠨᠢᠭᠡ᠂ ᠠᠵᠢᠯ ᠣᠯᠭᠤᠬᠤ ᠦᠢᠯᠡᠴᠢᠯᠡᠭᠡᠨ ᠢ ᠴᠢᠩᠭᠠᠳᠬᠠᠨ᠂ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠬᠤ ᠬᠡᠷᠡᠭᠲᠡᠶ᠃      ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠦᠨ᠂ ᠵᠣᠯᠭᠠᠭᠤᠯᠬᠤ ᠲᠠᠪᠴᠠᠩ ᠢ ᠲᠡᠭᠦᠯᠳᠡᠷᠵᠢᠭᠦᠯᠵᠦ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ 2024 ᠣᠨ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠦᠯᠵᠢᠶᠡᠨ ᠤ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠢ 2 ᠤᠳᠠᠭ᠎ᠠ ᠬᠤᠷᠠᠯᠳᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠣᠭᠤᠷᠢᠨ ᠡᠯᠰᠡᠬᠦ ᠴᠤᠭᠯᠠᠭᠠᠨ ᠢ 5 ᠤᠳᠠᠭ᠎ᠠ ᠥᠷᠨᠢᠭᠦᠯᠵᠦ᠂ ᠨᠡᠶᠢᠲᠡ 1951 ᠠᠵᠢᠯ ᠤᠨ ᠪᠠᠶᠢᠷᠢ ᠬᠠᠩᠭᠠᠵᠤ᠂ 119 ᠠᠵᠢᠯ ᠡᠷᠢᠭᠰᠡᠳ ᠲᠤ ᠠᠩᠬ᠎ᠠ ᠠᠯᠬᠤᠮ ᠠᠵᠢᠯ ᠣᠯᠭᠤᠬᠤ ᠰᠠᠨᠠᠮᠵᠢ ᠲᠠᠢ ᠪᠣᠯᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠠᠭᠤᠷᠢ ᠶᠢ ᠦᠷᠭᠦᠯᠵᠢᠯᠡᠨ ᠪᠠᠲᠤᠳᠬᠠᠨ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠭᠰᠡᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃      ᠬᠤᠶᠠᠷ᠂ ᠠᠳᠠᠯ ᠦᠢᠯᠡᠰ ᠪᠣᠰᠬᠠᠬᠤ ᠶᠢ ᠲᠡᠳᠬᠦᠬᠦ ᠶᠠᠪᠤᠳᠠᠯ ᠢ ᠴᠢᠩᠭᠠᠷᠠᠭᠤᠯᠤᠨ᠂ ᠠᠳᠠᠯ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃      ︽ᠠᠳᠠᠯ ᠦᠢᠯᠡᠰ ᠴᠣᠭᠴᠠᠯᠠᠬᠤ ᠤᠯᠠᠭᠠᠨᠴᠠᠪ ᠤᠨ ᠠᠵᠢᠯᠯᠠᠭ᠎ᠠ︾ ᠶᠢ ᠭᠦᠨᠵᠡᠭᠡᠶᠢᠷᠡᠭᠦᠯᠦᠨ᠂ ᠠᠳᠠᠯ ᠦᠢᠯᠡᠰ ᠴᠣᠭᠴᠠᠯᠠᠬᠤ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠬᠥᠳᠡᠯᠮᠦᠷᠢᠯᠡᠭᠴᠢᠳ ᠢ ᠪᠦᠬᠦᠨ ᠢ ᠠᠳᠠᠯ ᠦᠢᠯᠡᠰ ᠴᠣᠭᠴᠠᠯᠠᠬᠤ ᠲᠡᠳᠬᠦᠬᠦ ᠬᠡᠪᠴᠢᠶᠡᠨ ᠳᠤ ᠣᠷᠣᠭᠤᠯᠵᠤ᠂ ᠰᠦᠢᠳᠬᠡᠯ ᠬᠤᠷᠢᠶᠠᠬᠤ ᠦᠭᠡᠢ ᠪᠠᠷ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠡᠳᠬᠦᠨ ᠳᠡᠮᠵᠢᠬᠦ ᠬᠥᠮᠦᠰ ᠲᠤ 5- 20 ᠲᠦᠮᠡᠨ ᠲᠥᠭᠦᠷᠢᠭ ᠤᠨ ᠵᠢᠭᠡᠯᠡᠯᠭᠡ ᠶᠢᠨ ᠲᠡᠳᠬᠦᠮᠵᠢ ᠣᠯᠭᠤᠵᠤ᠂ ᠪᠡᠯᠡ ᠮᠥᠩᠭᠦ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ 2024 ᠣᠨ ᠳᠤ ᠨᠡᠶᠢᠲᠡ 11 ᠬᠤᠪᠢ ᠶᠢᠨ ᠡᠷᠦᠬᠡ ᠳᠤ 110 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠪᠠ᠃ ᠡᠭᠦᠨ ᠤ ᠬᠠᠮᠲᠤ᠂ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠭᠤᠶᠤᠴᠢᠯᠠᠬᠤ ᠳᠤ ᠳᠠᠮ ᠬᠦᠤ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠡᠶᠢᠲᠡ 4 ᠠᠵᠤ ᠠᠬᠤᠶᠢᠯᠠᠯ ᠳᠤ ᠠᠳᠠᠯ ᠦᠢᠯᠡᠰ ᠴᠣᠭᠴᠠᠯᠠᠬᠤ ᠵᠢᠭᠡᠯᠡᠯᠭᠡ 702.4 ᠲᠦᠮᠡᠨ ᠲᠥᠭᠦᠷᠢᠭ ᠲᠠᠯᠪᠢᠪᠠ᠃      ᠭᠤᠷᠪᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃        ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠬᠡᠷᠡᠭᠯᠡᠭᠡᠨ ᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠬᠤ ᠪᠠᠷ ᠤᠳᠤᠷᠢᠳᠤᠮᠵᠢ ᠪᠣᠯᠭᠠᠵᠤ᠂ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠢᠩᠭ᠎ᠠ ᠰᠣᠩᠭᠤᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠣᠳᠠᠲᠠᠶ ᠠᠳᠬᠤᠵᠤ᠂ ᠭᠠᠷ ᠢᠶᠠᠷ ᠨᠡᠬᠡᠬᠡᠬᠦ᠂ ᠺᠣᠮᠫᠢᠦ᠋ᠲ᠋ᠧᠷ ᠤᠨ ᠠᠵᠢᠯᠯᠠᠭ᠎ᠠ᠂ ᠡᠬᠡ ᠨᠢᠯᠬᠠᠰ ᠤᠨ ᠰᠤᠪᠢᠯᠠᠯᠲᠠ᠂ ᠡᠷᠡᠭᠦᠯᠵᠢᠯ ᠤᠨ ᠢᠯᠢᠬᠦ ᠵᠠᠰᠠᠯ᠂ ᠡᠪᠡᠳᠴᠢᠲᠡᠨ ᠢ ᠠᠰᠠᠷᠠᠬᠤ ᠵᠡᠷᠭᠡ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠵᠦᠢᠯ ᠤᠨ ᠪᠣᠯᠪᠠᠰᠤᠷᠠᠭᠤᠯᠤᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ 2024 ᠣᠨ ᠳᠤ ᠡᠯ᠎ᠡ ᠲᠥᠷᠥᠯ ᠤᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠨᠡᠶᠢᠲᠡ 767 ᠬᠥᠮᠦᠨ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠨᠡᠶᠢᠲᠡ 188 ᠬᠥᠮᠦᠨ᠂ ᠦᠢᠯᠡᠰ ᠴᠣᠭᠴᠠᠯᠠᠬᠤ ᠪᠣᠯᠪᠠᠰᠤᠷᠠᠯ ᠢ 97 ᠬᠥᠮᠦᠨ ᠥᠷᠨᠢᠭᠦᠯᠪᠡ᠃      ᠳᠥᠷᠪᠡ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃      ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠲᠠᠪᠴᠠᠩ ᠳᠤ ᠲᠦᠰᠢᠭᠯᠡᠨ᠂ ᠬᠤᠲᠠ ᠪᠠᠯᠭᠠᠰᠤ ᠶᠢᠨ ᠠᠵᠢᠯ ᠣᠯᠬᠤ ᠳᠤ ᠬᠦᠴᠢᠷᠳᠡᠯᠲᠡᠶ ᠨᠡᠶᠢᠲᠡ ᠴᠣᠭᠴᠠ ᠳᠤ ᠠᠵᠢᠯ ᠣᠯᠭᠤᠬᠤ ᠳᠤ ᠲᠤᠰᠠᠯᠠᠮᠵᠢ ᠦᠵᠡᠭᠦᠯᠬᠦ ᠠᠵᠢᠯ ᠢ ᠲᠦᠯᠬᠢᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ ᠠᠵᠢᠯ ᠣᠯᠬᠤ ᠳᠤ ᠬᠦᠴᠢᠷᠲᠡᠶ ᠬᠥᠮᠦᠰ ᠲᠤ ᠠᠵᠢᠯ ᠣᠯᠭᠤᠬᠤ ᠲᠤᠰᠠᠯᠠᠮᠵᠢ ᠦᠵᠡᠭᠦᠯᠬᠦ ᠬᠡᠷᠡᠭᠲᠡᠶ᠃ 2024 ᠣᠨ ᠳᠤ ᠠᠵᠢᠯ ᠤᠯᠬᠤ ᠳᠤ 946 ᠬᠥᠮᠦᠨ ᠳᠤ ᠠᠵᠢᠯ ᠣᠯᠭᠤᠵᠤ᠂ 942 ᠬᠥᠮᠦᠨ ᠳᠤ ᠠᠵᠢᠯ ᠣᠯᠭᠤᠵᠤ᠂ ᠠᠵᠢᠯ ᠣᠯᠭᠤᠯᠲᠠ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠨᠡᠶᠢᠲᠡ 528 ᠬᠥᠮᠦᠨ ᠳᠤ 93.69 ᠲᠦᠮᠡᠨ ᠲᠥᠭᠦᠷᠢᠭ ᠲᠠᠷᠬᠠᠭᠠᠵᠤ᠂ ᠵᠠᠮ ᠬᠠᠷᠢᠯᠴᠠᠭᠠᠨ ᠤ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 262 ᠬᠥᠮᠦᠨ 6.25 ᠲᠦᠮᠡᠨ ᠲᠥᠭᠦᠷᠢᠭ ᠲᠠᠷᠬᠠᠭᠠᠵᠤ᠂ 128 ᠬᠥᠮᠦᠨ ᠳᠤ ᠬᠥᠮᠦᠨ ᠪᠦᠷᠢ ᠳᠤ ᠰᠠᠷ᠎ᠠ ᠪᠦᠷᠢ 1782 ᠲᠥᠭᠦᠷᠢᠭ ᠤᠨ ᠠᠵᠢᠯ ᠠᠯᠳᠠᠭᠰᠠᠳ ᠤᠨ ᠮᠥᠩᠭᠦ ᠣᠯᠭᠤᠪᠠ᠃      ᠳᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠬᠢᠨ ᠵᠡᠭᠦᠨ ᠳᠤᠮᠳᠠ ᠬᠡᠰᠡᠭ ᠯᠦᠭᠡ ᠶᠢᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠠᠪᠴᠠᠩ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠡᠷᠬᠡ ᠲᠡᠭᠰᠢ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠰᠢᠩ ᠡᡁᠧ ᠰᠢᠶᠠᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃                               ᠢᠷᠡᠯᠲᠡ᠄ ᠰᠢᠩ ᠡᡁᠧ ᠰᠢᠶᠠᠨ ᠤ ᠦᠨᠳᠡᠰᠦᠲᠡᠨ ᠤ ᠬᠡᠷᠡᠭ ᠡᠷᠬᠢᠯᠡᠬᠦ ᠵᠥᠪᠯᠡᠯ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3