︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠨᠳᠦᠰᠦᠨ ᠱᠠᠲᠤᠨ ᠤ ᠵᠠᠰᠠᠯᠲᠠ ᠳᠤᠮᠳᠠᠬᠢ ᠢᠳᠡᠪᠬᠢ | ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠳᠤᠮᠳᠠᠬᠢ ᠪᠠᠴᠢᠮ ᠬᠦᠴᠢᠷᠳᠡᠯ ᠬᠦᠴᠢᠷ | ᠡᠷᠡᠮᠡᠯᠵᠡᠯ ᠢ ᠰᠢᠢᠳᠪᠦᠷᠢᠯᠡᠬᠦ ᠶᠢ ᠦᠨᠡᠨ ᠬᠦ ᠠᠬᠢᠭᠤᠯᠬᠤ ᠶᠢᠨ ᠲᠥᠯᠥᠭᠡ᠃ 2 ᠳ᠋ᠤᠭᠠᠷ ᠰᠠᠷ᠎ᠠ ᠶᠢᠨ 18 ᠤ ᠡᠳᠦᠷ᠂ ᠴᠧᠩ | ᠭᠤᠸᠠᠨ ᠪᠠᠯᠭᠠᠰᠤᠨ ᠤ ᠰᠢᠨ ᠴᠧᠩ ᠨᠡᠶᠢᠭᠡᠮ ᠲᠣᠭᠤᠷᠢᠭ ︽ᠬᠤᠶᠠᠷ ᠢ ᠲᠥᠯᠥᠭᠡᠯᠡᠬᠦ ᠨᠢᠭᠡ ᠭᠡᠰᠢᠭᠦᠨ︾ ᠤ ᠠᠵᠢᠯ ᠢ | ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠠᠳᠠᠯᠢ ᠪᠤᠰᠤ ᠬᠦᠷᠢᠶᠡᠨ ᠠᠴᠠ ᠢᠷᠡᠭᠰᠡᠨ | ᠲᠥᠯᠥᠭᠡᠯᠡᠭᠴᠢᠳ ᠭᠡᠰᠢᠭᠦᠳ ᠨᠢᠭᠡ ᠲᠠᠩᠬᠢᠮ ᠳᠤ ᠴᠤᠭᠯᠠᠷᠠᠵᠤ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ | ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ | ᠬᠥᠭᠵᠢᠯᠲᠡ ᠶᠢᠨ ᠰᠠᠶᠢᠨ ᠠᠷᠭ᠎ᠠ ᠪᠤᠳᠤᠯᠭ᠎ᠠ ᠶᠢ ᠬᠠᠮᠲᠤᠪᠠᠷ ᠵᠥᠪᠯᠡᠪᠡ᠃ | ᠬᠤᠷᠠᠯ ᠢ ᠴᠧᠩ ᠭᠤᠸᠠᠨ ᠪᠠᠯᠭᠠᠰᠤ ᠶᠢᠨ ᠰᠢᠨ ᠴᠧᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ | ᠱᠦᠵᠢ ᠵᠦ ᠯᠢ ᠬᠤᠩ ᠡᠷᠬᠢᠯᠡᠵᠡᠢ᠂ ᠲᠡᠷᠡ 2024 ᠣᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ | ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠥᠷᠲᠡᠭᠡᠨ ᠳᠤ ᠰᠠᠭᠤᠭ᠎ᠠ ᠲᠥᠯᠥᠭᠡᠯᠡᠭᠴᠢ ᠭᠡᠰᠢᠭᠦᠳ ᠤᠨ ᠥᠩᠭᠡᠷᠡᠭᠰᠡᠨ ᠨᠢᠭᠡ | ᠵᠢᠯ ᠳᠤ ᠢᠳᠡᠪᠬᠢᠲᠡᠢ ᠦᠢᠯᠡᠳᠦᠯ ᠦᠵᠡᠭᠦᠯᠵᠦ᠂ ᠨᠡᠶᠢᠭᠡᠮ ᠲᠣᠭᠤᠷᠢᠭ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ | ᠪᠡᠯᠡ ᠮᠥᠩᠭᠦ ᠭᠠᠷᠭᠠᠵᠤ ᠬᠦᠴᠦ ᠭᠠᠷᠭᠠᠭᠰᠠᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ᠃ ᠬᠤᠷᠠᠯ ᠠᠴᠠ ᠪᠠᠰᠠ 2025 | ᠣᠨ ᠤ ︽ᠬᠤᠶᠠᠷ ᠢ ᠲᠥᠯᠥᠭᠡᠯᠡᠬᠦ ᠨᠢᠭᠡ ᠭᠡᠰᠢᠭᠦᠨ︾ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠳᠠᠷᠠᠭ᠎ᠠ ᠨᠢ ᠣᠶᠢᠷ᠎ᠠ ᠶᠢᠨ ᠬᠤᠭᠤᠴᠠᠭᠠᠨ ᠳᠤ ᠰᠠᠭᠤᠭᠠᠯᠢ ᠠᠷᠠᠳ ᠤᠨ ᠬᠦᠴᠢᠷ ᠠᠰᠠᠭᠤᠳᠠᠯ ᠢ ᠴᠤᠭᠯᠠᠭᠤᠯᠤᠨ | ᠲᠥᠯᠥᠭᠡᠯᠡᠭᠴᠢᠳ ᠭᠡᠰᠢᠭᠦᠳ ᠲᠠᠢ ᠶᠠᠷᠢᠯᠴᠠᠵᠤ᠂ ᠨᠡᠭᠦᠳᠡᠯ ᠠᠷᠠᠳ ᠤᠨ ᠲᠣᠭᠤᠷᠢᠭ ᠤᠨ ᠪᠠᠷᠠᠭᠤᠨ ᠵᠠᠮ ᠤᠨ ᠵᠣᠭᠤᠷᠢ ᠶᠢᠨ | ᠤᠰᠤ ᠨᠡᠪᠴᠢᠬᠦ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠶ ᠲᠥᠯᠥᠭᠡᠯᠡᠭᠴᠢ ᠭᠡᠰᠢᠭᠦᠳ ᠤᠨ ᠰᠠᠨᠠᠭᠤᠯᠭ᠎ᠠ᠂ | ᠣᠳᠣᠬᠠᠨ ᠳᠤ ᠵᠣᠭᠤᠷᠢ ᠶᠢᠨ ᠤᠰᠤ ᠨᠡᠪᠴᠢᠬᠦ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠶ᠎ᠡ ᠭᠡᠪᠡᠯ᠂ ᠬᠠᠭᠤᠴᠢᠨ | ᠲᠦᠭᠡᠭᠡᠯ ᠤᠰᠤᠨ ᠤ ᠬᠤᠭᠤᠯᠠᠶ ᠶᠢ ᠲᠦᠷ ᠵᠣᠭᠰᠣᠭᠠᠵᠤ᠂ ᠰᠢᠨ᠎ᠡ ᠬᠤᠭᠤᠯᠠᠶ ᠶᠢ ᠲᠦᠷ ᠴᠠᠭ ᠬᠡᠷᠡᠭᠯᠡᠬᠦ ᠬᠡᠷᠡᠭᠲᠡᠶ᠃ | ᠬᠤᠷᠠᠯ ᠤᠨ ᠳᠠᠷᠠᠭ᠎ᠠ᠂ ᠲᠥᠯᠥᠭᠡᠯᠡᠭᠴᠢ ᠭᠡᠰᠢᠭᠦᠳ ᠬᠠᠷᠢᠶ᠎ᠠ ᠣᠷᠣᠨ ᠳᠤ ᠭᠦᠨᠵᠡᠭᠡᠶᠢᠷᠡᠨ ᠪᠣᠳᠠᠲᠠᠶ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠬᠦ ᠶᠢᠨ ᠬᠠᠮᠲᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠲᠤᠰᠬᠠᠶ | ᠬᠥᠮᠦᠨ ᠲᠣᠬᠢᠷᠠᠭᠤᠯᠤᠨ ᠳᠠᠭᠠᠭᠤᠯᠵᠤ᠂ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠪᠠᠷ ᠴᠢᠷᠮᠠᠶᠢᠵᠤ᠂ ᠰᠠᠭᠤᠭᠠᠯᠢ | ᠠᠷᠠᠳ ᠤᠨ ᠤᠰᠤ ᠬᠡᠷᠡᠭᠯᠡᠬᠦ ᠠᠮᠤᠷ ᠲᠦᠪᠰᠢᠨ ᠢ ᠪᠠᠲᠤᠯᠠᠪᠠ᠃ | ᠲᠥᠯᠥᠭᠡᠯᠡᠭᠴᠢ ᠭᠡᠰᠢᠭᠦᠨ ᠪᠠᠰᠠ ᠰᠠᠭᠤᠭᠠᠯᠢ ᠠᠷᠠᠳ ᠤᠨ ᠲᠤᠰᠬᠠᠭᠰᠠᠠ ᠨᠡᠭᠦᠳᠡᠯ ᠠᠷᠠᠳ ᠤᠨ ᠲᠣᠭᠤᠷᠢᠭ ᠤᠨ | ᠪᠠᠶᠢᠰᠢᠩ ᠤᠨ ᠭᠤᠳᠤᠮᠵᠢᠨ ᠵᠠᠮ ᠤᠨ ᠭᠡᠷᠡᠯᠲᠦᠭᠦᠯᠭᠡ ᠶᠢᠨ ᠠᠰᠠᠭᠤᠳᠠᠯ ᠤᠨ ᠲᠤᠬᠠᠢ ᠲᠤᠬᠠᠢ ᠶᠢᠨ ᠭᠠᠵᠠᠷ ᠲᠤ ᠬᠦᠷᠴᠦ | ᠰᠤᠷᠪᠤᠯᠵᠢᠯᠠᠪᠠ᠂ ᠨᠡᠭᠦᠳᠡᠯ ᠠᠷᠠᠳ ᠤᠨ ᠲᠣᠭᠤᠷᠢᠭ ᠤᠨ ᠡᠮᠦᠨ᠎ᠡ ᠤᠮᠠᠷ᠎ᠠ ᠶᠢᠨ 30 ᠭᠠᠷᠤᠢ ᠭᠤᠳᠤᠮᠵᠢᠨ ᠵᠠᠮ ᠨᠢ ᠬᠤᠳᠠ | ᠬᠥᠳᠡᠭᠡ ᠶᠢᠨ ᠠᠭᠤᠯᠵᠠᠷ ᠣᠷᠣᠨ ᠳᠤ ᠬᠠᠷᠢᠶᠠᠯᠠᠭᠳᠠᠵᠤ᠂ ᠭᠤᠳᠤᠮᠵᠢᠨ ᠵᠠᠮ ᠢᠪᠴᠤᠤ᠂ ᠵᠠᠮ ᠤᠨ ᠳ᠋ᠧᠩ ᠦᠬᠡᠢ᠂ ᠤᠷᠤᠢ | ᠪᠣᠯᠤᠭᠰᠠᠭᠠᠷ ᠪᠦᠬᠦ᠋ᠢᠯᠡ ᠭᠤᠳᠤᠮᠵᠢ ᠬᠠᠪ ᠬᠠᠷᠠᠩᠭᠤᠢ ᠪᠤᠯᠵᠤ᠂ ᠪᠠᠶᠢᠰᠢᠩ ᠭᠡᠷ ᠤᠨ ᠲᠣᠭᠤᠷᠢᠭ ᠲᠤ ᠰᠠᠭᠤᠭ᠎ᠠ ᠨᠠᠰᠤᠲᠠᠨ | ᠤᠯᠠᠨ᠂ ᠶᠠᠪᠤᠵᠤ ᠰᠠᠭᠤᠬᠤ ᠳᠤ ᠲᠦᠢᠯ ᠤᠨ ᠳᠥᠭᠦᠮ ᠦᠭᠡᠢ ᠪᠠᠶᠢᠵᠤ᠂ ᠨᠡᠯᠢᠶᠡᠳ ᠶᠡᠭᠡ ᠠᠮᠤᠷ ᠲᠦᠪᠰᠢᠨ ᠤ ᠬᠡᠮ | ᠰᠣᠭᠤᠭ ᠣᠷᠣᠰᠢᠵᠤ ᠪᠠᠶᠢᠨ᠎ᠠ᠃ ᠲᠥᠯᠥᠭᠡᠯᠡᠭᠴᠢᠳ ᠭᠡᠰᠢᠭᠦᠳ ᠢᠯᠡᠷᠬᠡᠶᠢᠯᠡᠬᠦ ᠳᠡᠭᠡᠨ᠂ ᠲᠠᠳᠠ ᠲᠣᠰ ᠪᠡᠶ᠎ᠡ ᠶᠢᠨ | ᠳᠠᠪᠠᠭᠤᠯᠢᠭ ᠢᠶᠠᠨ ᠠᠰᠢᠭᠯᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠪᠠᠶᠢᠰᠢᠩ ᠬᠡᠷ | ᠨᠦᠬᠡᠨ ᠵᠠᠮ ᠤᠨ ᠭᠡᠷᠡᠯᠲᠦᠭᠦᠯᠭᠡ ᠶᠢᠨ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ | ᠨᠢᠭᠡ ᠺᠢᠯᠣᠮᠧᠲᠷ︾ ᠢ ᠪᠦᠲᠦᠮᠵᠢᠲᠡᠶ ᠨᠡᠪᠲᠡᠷᠡᠭᠦᠯᠦᠨ᠎ᠡ ᠭᠡᠵᠡᠶ᠃ | ᠲᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤᠨ ᠤ ᠰᠢᠨ ᠴᠧᠩ ᠨᠡᠶᠢᠭᠡᠮ ᠲᠣᠭᠤᠷᠢᠭ ᠤᠨ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠠᠰᠠᠭᠤᠳᠠᠯ ᠢ ᠦᠷᠭᠦᠯᠵᠢᠯᠡᠨ ᠠᠩᠬᠠᠷᠴᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ | ᠶᠠᠪᠤᠴᠠ ᠪᠠᠷ ᠳᠠᠭᠠᠵᠤ᠂ ᠰᠠᠭᠤᠭᠠᠯᠢ ᠠᠷᠠᠳ ᠲᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠰᠠᠭᠤᠭᠠᠯᠢ ᠠᠷᠠᠳ ᠤᠨ | ᠪᠠᠴᠢᠮ ᠬᠦᠴᠢᠷᠳᠡᠯ ᠵᠣᠪᠠᠨᠢᠯ ᠬᠦᠰᠡᠯ ᠡᠷᠡᠮᠡᠯᠵᠡᠯ ᠤᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ | ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |