ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ | 3 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠩ ᠾᠧ ᠰᠢᠶᠠᠨ ᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ | ᠬᠤᠷᠠᠯ ᠬᠤᠷᠠᠯᠳᠤᠪᠠ᠃ ᠲᠠᠶᠢᠴᠢᠯᠠᠯᠳᠠ ᠶᠢᠨ ᠬᠤᠷᠠᠯ ᠳᠡᠭᠡᠷ᠎ᠡ᠂ ᠳᠤᠭᠤᠶᠢᠯᠠᠩ ᠤᠨ ᠳᠠᠷᠤᠭ᠎ᠠ ᠶᠢᠨ ᠳ᠋ᠧ ᠤᠳᠠᠯ | ᠦᠭᠡᠢ ᠥᠷᠨᠢᠭᠦᠯᠬᠦ ᠪᠠᠷ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠪᠠ᠃ ᠤᠯᠠᠭᠠᠨᠴᠠᠪ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ | ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠶᠠᠩ ᠶᠦᠩ ᠵᠢᠶᠧ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ | ᠢᠯᠡᠳᠬᠡᠵᠦ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠶ ᠢᠦᠶ ᠣᠪᠣᠷ ᠢᠶᠠᠨ ᠢᠯᠡᠳᠬᠡᠬᠦ | ᠦᠭᠡ ᠬᠡᠯᠡᠪᠡ᠃ | ᠶᠢᠨ ᠳ᠋ᠧ ᠴᠢᠩᠭᠠᠳᠬᠠᠭᠰᠠᠨ ᠨᠢ᠂ ᠲᠣᠭᠤᠷᠢᠨ ᠪᠠᠶᠢᠴᠠᠭᠠᠬᠤ ᠪᠣᠯ ᠨᠠᠮ ᠤᠨ ᠲᠦᠷᠢᠮ ᠠᠴᠠ ᠣᠯᠭᠤᠭᠰᠠᠨ | ᠴᠢᠬᠤᠯᠠ ᠡᠭᠦᠷᠭᠡ ᠬᠠᠷᠢᠭᠤᠴᠠᠯᠭ᠎ᠠ ᠪᠣᠯᠤᠨ᠎ᠠ᠃ ᠰᠢᠩ ᠡᡁᠧ ᠰᠢᠶᠠᠨ ᠳᠤ ᠲᠣᠭᠤᠷᠢᠨ ᠪᠠᠶᠢᠴᠠᠭᠠᠯᠲᠠ ᠥᠷᠨᠢᠭᠦᠯᠬᠦ | ᠪᠣᠯ ᠲᠤᠰ ᠭᠠᠵᠠᠷ ᠣᠷᠣᠨ ᠤ ᠠᠩᠬᠠᠷᠤᠯ ᠬᠦᠴᠦ ᠪᠠᠨ ᠲᠥᠪᠯᠡᠷᠡᠭᠦᠯᠦᠨ ᠨᠢᠭᠡ ᠭᠤᠣᠯ ᠰᠢᠵᠢᠮ ᠢ | ᠲᠤᠭᠤᠰᠢᠯᠠᠭᠤᠯᠬᠤ ᠶᠢ ᠠᠬᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠭᠤᠯᠬᠤ ᠴᠢᠬᠤᠯᠠ ᠠᠷᠭ᠎ᠠ | ᠬᠡᠮᠵᠢᠶ᠎ᠡ ᠮᠥᠨ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ | ᠶᠢ ᠵᠣᠬᠢᠶᠠᠨ ᠪᠠᠶᠢᠭᠤᠯᠤᠨ ᠥᠷᠨᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠮᠥᠨ᠃ ᠰᠢᠩ ᠾᠧ ᠰᠢᠶᠠᠨ ᠲᠣᠭᠤᠷᠢᠨ ᠪᠠᠶᠢᠴᠠᠭᠠᠯᠲᠠ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ | ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ | ᠶᠢᠨ ᠳ᠋ᠧ ᠢᠯᠡᠷᠭᠡᠶᠢᠯᠡᠭᠰᠡᠨ ᠨᠢ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ | ᠵᠢᠴᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃ ᠰᠢᠩ ᠡᡁᠧ ᠰᠢᠶᠠᠨ ᠤ ᠬᠢᠨ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠲᠡᠮᠵᠢᠨ ᠬᠠᠮᠵᠢᠯᠴᠠᠵᠤ᠂ ᠠᠳᠠᠯᠢ ᠰᠡᠳᠦᠪ ᠢᠶᠠᠷ ᠬᠠᠮᠲᠤ ᠪᠠᠷ | ᠬᠠᠷᠢᠭᠤᠯᠬᠤ ᠣᠶᠢᠯᠠᠭᠠᠭᠳᠠᠬᠤᠨ ᠢᠶᠠᠷ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠬᠠᠮᠲᠤ ᠪᠠᠷ | ᠰᠠᠶᠢᠲᠤᠷ ᠪᠡᠶᠡᠯᠡᠭᠦᠯᠬᠦ ᠬᠡᠷᠡᠭᠲᠡᠢ᠃ | ᠯᠢᠶᠠᠩ ᠶᠦᠩ ᠵᠢᠶᠧ ᠢᠯᠡᠷᠭᠡᠶᠢᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ | ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠳᠤ | ᠬᠠᠮᠵᠢᠯᠴᠠᠬᠤ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠠᠵᠢᠯ ᠢ ᠪᠦᠬᠦ ᠬᠦᠴᠦ ᠪᠠᠷ ᠢᠶᠠᠨ ᠳᠡᠮᠵᠢᠨ ᠬᠠᠮᠵᠢᠯᠴᠠᠵᠤ᠂ ᠦᠢᠯᠡᠴᠢᠯᠡᠬᠦ ᠬᠡᠷᠡᠭᠲᠡᠢ᠃ ᠤᠯᠤᠰ ᠲᠥᠷᠥ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ | ᠥᠭᠡᠷᠡᠴᠢᠯᠡᠯᠲᠡ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠨᠢᠭᠡ ᠠᠴᠠ ᠵᠦᠢᠴᠢᠯᠡᠨ ᠨᠥᠭᠦᠭᠡ ᠶᠢ | ᠮᠡᠳᠡᠵᠦ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ | ᠵᠠᠰᠠᠬᠤ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠶᠢ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠳᠤᠮᠳᠠ | ᠬᠦᠴᠦᠯᠡᠨ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ | ᠸᠠᠩ ᠬᠤᠢ ᠢᠦᠢ ᠢᠯᠡᠷᠭᠡᠶᠢᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠰᠢᠩ ᠡᡁᠧ ᠰᠢᠶᠠᠨ ᠳᠤ ᠪᠠᠶᠢᠩᠭᠤ ᠶᠢᠨ ᠲᠣᠭᠤᠷᠢᠨ | ᠪᠠᠶᠢᠴᠠᠭᠠᠯᠲᠠ ᠥᠷᠨᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠠᠴᠠ ᠮᠠᠨ ᠤ ᠰᠢᠶᠠᠨ ᠤ | ᠨᠠᠮ ᠤᠨ ᠪᠠᠶᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠰᠢᠩ ᠡᡁᠧ ᠰᠢᠶᠠᠨ ᠤ ᠤᠳᠤᠷᠢᠳᠬᠤ ᠪᠠᠭ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ | ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠰᠢᠩ ᠡᡁᠧ ᠰᠢᠶᠠᠨ ᠤ ᠬᠢᠨ ᠤᠯᠤᠰ ᠲᠦᠷᠦ ᠶᠢ | ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ ᠠᠴᠠ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠤᠬᠠᠮᠰᠠᠷ ᠠᠴᠠ ᠪᠠᠨ ᠴᠢᠩ ᠦᠨᠡᠨᠴᠢ ᠪᠠᠷ ᠬᠢᠨᠠᠯᠲᠠ ᠪᠠᠶᠢᠴᠠᠭᠠᠯᠲᠠ ᠶᠢ ᠬᠦᠯᠢᠶᠡᠵᠦ᠂ ᠲᠣᠭᠤᠷᠢᠨ | ᠪᠠᠶᠢᠴᠠᠭᠠᠬᠤ ᠠᠵᠢᠯ ᠢ ᠢᠳᠡᠪᠬᠢᠲᠡᠢ ᠲᠡᠮᠵᠢᠵᠤ ᠬᠠᠮᠵᠢᠯᠴᠠᠨ᠎ᠠ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠢ ᠬᠢᠪᠡᠰᠦ ᠵᠣᠬᠢᠬᠤ ᠶᠠᠪᠤᠳᠠᠯ | ᠪᠠ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ᠲᠤᠰ ᠪᠡᠶ᠎ᠡ ᠶᠢᠨ ᠬᠦᠷᠦᠯᠴᠡᠬᠦ ᠦᠭᠡᠢ ᠲᠠᠯ᠎ᠠ ᠪᠠᠨ | ᠨᠠᠷᠢᠨ ᠬᠢᠨᠠᠮᠠᠭᠠᠢ ᠪᠠᠶᠢᠴᠠᠭᠠᠨ ᠡᠷᠢᠵᠦ᠂ ᠪᠠᠶᠢᠳᠠᠯ ᠢ ᠦᠨᠡᠨ ᠮᠥᠨ ᠢᠶᠠᠷ ᠨᠢ ᠪᠤᠰᠤᠳᠴᠢ ᠪᠠᠷ ᠲᠤᠰᠬᠠᠵᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠲᠣᠭᠤᠷᠢᠨ | ᠪᠠᠶᠢᠴᠠᠭᠠᠭᠰᠠᠨ ᠦᠷ᠎ᠡ ᠪᠦᠲᠦᠭᠡᠯ ᠢ ᠬᠡᠷᠡᠭᠯᠡᠵᠦ ᠣᠨᠳᠣᠣᠰᠢᠭᠤᠯᠬᠤ ᠠᠵᠢᠯ ᠢ ᠰᠠᠶᠢᠲᠤᠷ ᠬᠢᠵᠦ᠂ ᠪᠦᠬᠦ ᠰᠢᠶᠠᠨ ᠤ | ᠨᠠᠮ ᠤᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠡᠩ ᠶᠡᠭᠡ ᠰᠢᠨ᠎ᠡ ᠠᠮᠵᠢᠯᠲᠠ | ᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ | ᠬᠤᠷᠢᠶ᠎ᠡ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ︕ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠬᠦᠨ᠂ ᠰᠢᠩ ᠾᠧ ᠰᠢᠶᠠᠨ ᠤ ᠨᠠᠮ ᠤᠨ ᠬᠤᠷᠢᠶ᠎ᠡ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠡ ᠪᠠᠶᠢᠴᠠᠭᠠᠬᠤ ᠬᠤᠷᠢᠶᠠᠨ ᠤ ᠳᠠᠷᠤᠭ᠎ᠠ | ᠬᠤᠷᠠᠯ ᠳᠤ ᠣᠷᠣᠯᠴᠠᠵᠤ᠂ ᠲᠤᠰᠢᠶᠠᠯ ᠳᠤ ᠪᠠᠶᠢᠭ᠎ᠠ ᠪᠤᠰᠤᠳ ᠳᠡᠳ᠋ ᠭᠠᠵᠠᠷ ᠤᠨ ᠲᠡᠰ ᠠᠴᠠ ᠳᠡᠭᠡᠭᠰᠢᠬᠢ ᠺᠠᠳ᠋ᠷ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠪᠣᠯᠤᠨ ᠵᠣᠬᠢᠶᠠᠨ ᠪᠠᠶᠢᠭᠤᠯᠬᠤ ᠬᠡᠯᠲᠡᠰ ᠤᠨ | ᠤᠳᠤᠷᠢᠳᠬᠤ ᠪᠠᠭ ᠤᠨ ᠪᠦᠷᠢᠯᠳᠦᠬᠦᠨ᠂ ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠪᠣᠯᠤᠨ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠨᠢᠭᠡᠴᠢ ᠶᠢᠨ ᠭᠤᠣᠯ | ᠬᠠᠷᠢᠭᠤᠴᠠᠯᠭᠠᠲᠠᠨ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ | ᠣᠷᠣᠯᠴᠠᠪᠠ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠢ ᠵᠢᠵᠢᠭᠦᠷᠯᠡᠬᠦ | ᠤᠲᠠᠰᠤ ᠲᠤᠬᠢᠷᠠᠭᠤᠯᠪᠠ᠄ 0474-4822603᠂ ᠡᠳᠦᠷ ᠪᠦᠷᠢ ᠶᠢᠨ ᠬᠦᠯᠢᠶᠠᠨ ᠠᠪᠴᠤ ᠰᠢᠢᠳᠪᠦᠷᠢᠯᠡᠬᠦ | ᠤᠲᠠᠰᠤ ᠨᠢ 8᠄ 00 ᠠᠴᠠ 18᠄ 00 ᠪᠣᠯᠤᠨ᠎ᠠ︔ ᠰᠢᠤᠳᠠᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ A 703 ᠨᠣᠮᠧᠷᠲᠤ ᠰᠢᠤᠳᠠᠨ ᠬᠠᠶᠢᠷᠴᠠᠭ︔ | ᠡᠯᠧᠺᠲᠷᠣᠨ ᠵᠠᠬᠢᠳᠠᠯ ᠤᠨ ᠬᠠᠶᠢᠷᠴᠠᠭ᠄ d 11 xszd 1 xz @ 126 . com᠃ ᠡᠭᠦᠨ ᠤ ᠬᠠᠮᠲᠤ᠂ | ᠰᠢᠩ ᠾᠧ ᠰᠢᠶᠠᠨ ᠤ ᠨᠠᠮ ᠵᠠᠰᠠᠭ ᠤᠨ ᠠᠰᠠᠷ ᠤᠨ ᠡᠮᠦᠨ᠎ᠡ ᠠᠰᠠᠷ ᠤᠨ ᠳᠤᠮᠳᠠ ᠡᠭᠦᠳᠡᠨ ᠠᠰᠠᠷ ᠤᠨ ᠪᠠᠷᠠᠭᠤᠨ | ᠲᠠᠯ᠎ᠠ ᠳᠠᠬᠢ ᠾᠧ ᠰᠢᠩ ᠾᠧ ᠰᠢᠶᠠᠨ ᠤ ᠯᠢ ᠬᠦᠶ ᠪᠢᠨ ᠪᠠᠭᠤᠳᠠᠯ ᠤᠨ ᠡᠰᠡᠷᠭᠦ ᠲᠠᠯ᠎ᠠ ᠶᠢᠨ ᠵᠠᠬᠢᠳᠠᠯ | ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠰᠤᠭ ᠤᠨ ᠪᠠᠷᠠᠭᠤᠨ ᠲᠠᠯ᠎ᠠ ᠳᠤ ᠲᠤᠰ ᠲᠤᠰ ᠬᠠᠷᠢᠯᠴᠠᠬᠤ ᠵᠠᠬᠢᠳᠠᠯ ᠤᠨ | ᠬᠠᠶᠢᠷᠴᠠᠭ ᠲᠣᠬᠢᠷᠠᠭᠤᠯᠵᠤ᠂ ︽ᠺᠣᠳ᠋ ᠢᠶᠠᠷ ᠳᠡᠭᠡᠭᠰᠢ ᠴᠠᠭᠳᠠᠬᠤ︾ ᠭᠡᠵᠦ ᠨᠠᠭᠠᠵᠠᠶ᠃ ᠲᠣᠭᠤᠷᠢᠨ ᠪᠠᠶᠢᠴᠠᠭᠠᠬᠤ | ᠳᠤᠭᠤᠶᠢᠯᠠᠩ ᠨᠢ ᠭᠤᠣᠯᠳᠠᠭᠤ ᠰᠢᠩ ᠾᠧ ᠰᠢᠶᠠᠨ ᠤ ᠨᠠᠮ ᠤᠨ ᠬᠤᠷᠢᠶ᠎ᠡ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ | ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ | ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠬᠰᠠᠨ ᠵᠠᠬᠢᠳᠠᠯ᠂ ᠤᠲᠠᠰᠤ᠂ | ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠡᠭᠦᠨ ᠤ ᠭᠤᠣᠯᠳᠠᠯᠭ᠎ᠠ ᠨᠢ ᠤᠯᠤᠰ ᠲᠦᠷᠦ ᠶᠢᠨ | ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ | ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ | ᠲᠠᠯ᠎ᠠ ᠪᠠᠷ ᠬᠢ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠵᠤ ᠬᠦᠯᠢᠶᠡᠨ ᠠᠪᠴᠤ | ᠰᠢᠢᠳᠪᠦᠷᠢᠯᠡᠬᠦ ᠬᠡᠪᠴᠢᠶᠡᠨ ᠳᠤ ᠦᠯᠦ ᠪᠠᠭᠲᠠᠬᠤ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ | ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠴᠠᠭ 2025 ᠣᠨ ᠤ 4 | ᠰᠠᠷ᠎ᠠ ᠶᠢᠨ 25 ᠤ ᠡᠳᠦᠷ ᠬᠦᠷᠦᠨ᠎ᠡ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |