ᠲᠥᠯᠥᠭᠡᠯᠡᠭᠴᠢ ᠭᠡᠰᠢᠭᠦᠳ ᠤᠨ ᠴᠤᠭ ᠵᠢᠪᠬᠤᠭ᠎ᠠ ᠶᠢ ᠪᠠᠳᠠᠷᠠᠭᠤᠯᠤᠶ᠎ᠠ᠄ ᠰᠠᠶᠢᠬᠤᠰᠤ ᠪᠠᠯᠭᠠᠰᠤ 2025 ᠣᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠨᠢᠭᠡᠳᠦᠭᠡᠷ ᠤᠯᠠᠷᠢᠯ ᠤᠨ ᠰᠣᠯᠢᠯᠴᠠᠵᠤ ᠬᠠᠷᠢᠯᠴᠠᠨ ᠲᠣᠯᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
     ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ 3 ᠰᠠᠷ᠎ᠠ ᠶᠢᠨ 11 ᠤ ᠡᠳᠦᠷ᠂ ᠰᠠᠶᠢᠬᠤᠰᠤ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ 2025 ᠣᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠨᠢᠭᠡᠳᠦᠭᠡᠷ ᠤᠯᠠᠷᠢᠯ ᠤᠨ ᠰᠣᠯᠢᠯᠴᠠᠵᠤ ᠬᠠᠷᠢᠯᠴᠠᠨ ᠲᠣᠯᠢᠯᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠡᠯ᠎ᠡ ᠬᠤᠯᠪᠣᠭ᠎ᠠ ᠠᠪᠬᠤ ᠦᠷᠳᠡᠭᠡ ᠶᠢᠨ ᠳᠠᠷᠤᠭ᠎ᠠ᠂ ᠬᠤᠯᠪᠣᠭᠠᠴᠢᠨ᠂ ᠬᠡᠰᠡᠭ ᠲᠥᠯᠥᠭᠡᠯᠡᠭᠴᠢ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ 2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠰᠢᠶᠠᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠯᠥᠭᠡᠯᠡᠭᠴᠢ ᠭᠡᠰᠢᠭᠦᠳ ᠤᠨ ᠲᠥᠷᠥ ᠶᠢᠨ ᠪᠣᠳᠣᠯᠭ᠎ᠠ ᠶᠢᠨ ᠴᠢᠭᠯᠡᠯ ᠢ ᠴᠠᠭ ᠲᠤᠬᠠᠶ ᠳᠤᠨᠢ᠂ ᠣᠨᠣᠪᠴᠢᠲᠠᠶ ᠡᠵᠡᠮᠳᠡᠬᠦ ᠶᠢ ᠦᠨᠡᠨ ᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠠᠬᠢᠭᠤᠯᠵᠤ᠂ ᠲᠥᠯᠥᠭᠡᠯᠡᠭᠴᠢ ᠭᠡᠰᠢᠭᠦᠳ ᠤᠨ ᠨᠠᠩ ᠰᠠᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠪᠠ᠃      ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠲᠥᠯᠥᠭᠡᠯᠡᠭᠴᠢᠳ ᠤᠨ ᠬᠤᠯᠪᠣᠭ᠎ᠠ ᠠᠪᠬᠤ ᠲᠠᠰᠤᠭ ︽2024 ᠣᠨ ᠤ ︿ᠬᠤᠶᠠᠷ ᠲᠥᠯᠥᠭᠡᠯᠡᠭᠴᠢ ᠨᠢᠭᠡ ᠭᠡᠰᠢᠭᠦᠨ﹀ ᠤ ᠠᠵᠢᠯ ᠤᠨ ᠳ᠋ᠦᠩᠨᠡᠯᠲᠡ ᠪᠠ 2025 ᠣᠨ ᠤ ᠠᠵᠢᠯ ᠤᠨ ᠲᠥᠯᠥᠪᠯᠡᠭᠡ︾ ᠬᠢᠵᠦ᠂ ᠡᠯ᠎ᠡ ᠬᠤᠯᠪᠣᠭ᠎ᠠ ᠠᠪᠬᠤ ᠥᠷᠲᠡᠭᠡ 2024 ᠣᠨ ᠤ ᠠᠵᠢᠯ ᠤᠨ ᠦᠷ᠎ᠡ ᠪᠦᠲᠦᠮᠵᠢ᠂ ᠬᠢᠯᠠᠰ ᠴᠡᠭ ᠵᠢᠴᠢ 2025 ᠣᠨ ᠤ ᠠᠵᠢᠯ ᠤᠨ ᠲᠥᠯᠥᠪᠯᠡᠭᠡ ᠶᠢᠨ ᠲᠤᠬᠠᠶ ᠲᠠᠰ ᠳᠠᠷᠠᠭᠠᠯᠠᠨ ᠬᠠᠷᠢᠭᠤ ᠮᠡᠳᠡᠭᠦᠯᠦᠯᠲᠡ ᠬᠢᠪᠠ᠃      ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠣᠶᠢᠷ᠎ᠠ ᠶᠢᠨ ᠬᠤᠭᠤᠴᠠᠭᠠᠨ ᠤ ᠪᠣᠳᠠᠲᠠᠶ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠪᠠ᠃     ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠬᠠᠲᠠᠭᠤ ᠴᠢᠳᠠᠪᠤᠷᠢ︾ ᠶᠢ ᠰᠠᠶᠢᠲᠤᠷ ᠪᠣᠯᠪᠠᠰᠤᠷᠠᠭᠤᠯᠬᠤ ᠬᠡᠷᠡᠭᠲᠡᠢ᠃ ᠦᠨᠳᠦᠰᠦᠨ ᠣᠨᠣᠯ ᠤᠨ ᠰᠤᠷᠤᠯᠴᠠᠯᠭ᠎ᠠ ᠶᠢ ᠲᠤᠪᠤᠶᠢᠯᠭᠠᠨ᠂ ᠬᠠᠤᠯᠢ ᠴᠠᠭᠠᠵᠠ ᠬᠠᠤᠯᠢ ᠲᠣᠭᠲᠠᠭᠠᠯ᠂ ᠲᠤᠰᠬᠠᠢ ᠮᠡᠷᠭᠡᠵᠢᠯ ᠤᠨ ᠮᠡᠳᠡᠯᠭᠡ ᠵᠡᠷᠭᠡ ᠬᠠᠨᠳᠤᠯᠭᠠᠲᠤ ᠴᠢᠨᠠᠷᠲᠠᠢ ᠪᠣᠯᠪᠠᠰᠤᠷᠠᠭᠤᠯᠤᠯ ᠳᠤ ᠢᠳᠡᠪᠬᠢᠲᠡᠢ ᠣᠷᠣᠯᠴᠠᠵᠤ᠂ ᠲᠥᠯᠥᠭᠡᠯᠡᠭᠴᠢ ᠭᠡᠰᠢᠭᠦᠳ ᠤᠨ ᠤᠯᠤᠰ ᠲᠦᠷᠦ ᠶᠢᠨ ᠬᠡᠪ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ︽ᠲᠦᠯᠬᠢᠭᠴᠢ︾ ᠪᠣᠯᠬᠤ ᠬᠡᠷᠡᠭᠲᠡᠢ᠃ ᠲᠥᠯᠥᠭᠡᠯᠡᠭᠴᠢ ᠭᠡᠰᠢᠭᠦᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠲᠤ ᠴᠣᠬᠢᠯᠲᠠ ᠥᠭᠬᠦ ᠤᠬᠠᠭᠤᠯᠭ᠎ᠠ᠂ ᠦᠷ᠎ᠡ ᠶᠢᠨ ᠠᠮᠤᠷ ᠲᠦᠪᠰᠢᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠵᠡᠷᠭᠡ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠭᠤᠣᠯᠳᠠᠯᠭ᠎ᠠ ᠲᠠᠢ ᠠᠵᠢᠯ᠂ ᠴᠢᠬᠤᠯᠠ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠴᠢᠩᠭᠠᠳᠬᠠᠬᠤ ᠬᠡᠷᠡᠭᠲᠡᠢ᠃ 12345 ᠬᠠᠯᠠᠮᠰᠢᠯ ᠤᠲᠠᠰᠤ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠠᠷᠠᠳ ᠤᠨ ᠠᠮᠢᠳᠤᠷᠠᠯ ᠤᠨ ᠠᠩᠬᠠᠷᠤᠯ ᠳᠤ ᠬᠠᠷᠢᠭᠤᠯᠲᠠ ᠥᠭᠴᠦ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠪᠠ᠃ ᠭᠤᠷᠪᠠ ᠳᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ︽ᠰᠡᠳᠬᠢᠯ ᠤᠨ ᠬᠥᠭᠦᠷᠭᠡ︾ ᠶᠢ ᠰᠠᠶᠢᠲᠤᠷ ᠴᠣᠭᠴᠠᠯᠠᠬᠤ ᠬᠡᠷᠡᠭᠲᠡᠢ᠃ ᠣᠯᠠᠨ ᠲᠦᠮᠡᠨ ᠳᠤ ︽ᠤᠮᠠᠷᠠᠲᠤ ᠬᠢᠯᠢ ᠶᠢᠨ ᠠᠷᠠᠳ ᠤᠨ ᠰᠡᠳᠬᠢᠯ ᠤᠨ ᠬᠥᠭᠦᠷᠭᠡ︾ ᠶᠢᠨ ᠶᠠᠪᠤᠴᠠ ᠶᠢ ᠦᠷᠭᠦᠯᠵᠢᠯᠡᠨ ᠤᠬᠠᠭᠤᠯᠤᠨ ᠳᠡᠯᠭᠡᠷᠡᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠵᠢᠭ ᠵᠢᠷᠤᠮ ᠢᠶᠠᠷ ᠳᠠᠮᠵᠢᠭᠤᠯᠤᠨ ᠠᠰᠠᠭᠤᠳᠠᠯ ᠢ ᠲᠤᠰᠬᠠᠵᠤ᠂ ᠰᠠᠨᠠᠭᠤᠯᠭ᠎ᠠ ᠳᠤᠷᠠᠳᠤᠭᠤᠯᠤᠨ᠎ᠠ᠃ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠲᠥᠯᠥᠭᠡᠯᠡᠭᠴᠢ ᠭᠡᠰᠢᠭᠦᠳ ᠰᠠᠨᠠᠭᠠᠴᠢᠯᠠᠭ᠎ᠠ ᠠᠴᠠ ᠪᠠᠨ ᠭᠡᠷ ︵ᠥᠷᠲᠡᠭᠡ︶ ᠲᠤ ᠣᠷᠣᠵᠤ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ᠂ ᠪᠠᠯᠭᠠᠰᠤ᠂ ᠲᠣᠰᠬᠤᠨ ᠤ ᠱᠠᠲᠤᠨ ᠤ ᠵᠠᠷᠢᠮ ᠬᠠᠨᠳᠤᠯᠭᠠᠲᠤ ᠴᠢᠨᠠᠷᠲᠠᠶ ᠠᠵᠢᠯᠯᠠᠭ᠎ᠠ ᠳᠤ ᠣᠷᠣᠯᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠢᠯᠡᠳᠦᠯ ᠢᠶᠠᠨ ᠪᠠᠳᠠᠷᠠᠭᠤᠯᠤᠨ᠂ ᠣᠯᠠᠨ ᠲᠦᠮᠡᠨ ᠳᠤ ᠦᠨᠡᠨ ᠪᠣᠳᠠᠲᠠᠶ ᠪᠣᠳᠠᠲᠤ ᠶᠠᠪᠤᠳᠠᠯ ᠬᠢᠵᠦ᠂ ︽ᠤᠴᠢᠷ ᠲᠠᠢ ᠪᠣᠯ ᠲᠥᠯᠥᠭᠡᠯᠡᠭᠴᠢ ᠭᠡᠰᠢᠭᠦᠨ ᠢ ᠡᠷᠢᠬᠦ︾ ᠶᠢ ᠣᠯᠠᠨ ᠲᠦᠮᠡᠨ ᠤ ᠠᠮᠠᠨ ᠡᠷᠴᠢᠨ ᠪᠠ ᠡᠳᠦᠷ ᠲᠤᠲᠤᠮ ᠤᠨ ᠠᠵᠢᠯᠯᠠᠭ᠎ᠠ ᠪᠣᠯᠭᠠᠵᠤ᠂ ᠲᠥᠯᠥᠭᠡᠯᠡᠭᠴᠢ ᠭᠡᠰᠢᠭᠦᠳ ᠤᠨ ᠠᠷᠠᠳ ᠲᠦᠮᠡᠨ ᠳᠤ ᠦᠢᠯᠡᠴᠢᠯᠡᠬᠦ ᠳᠤᠮᠳᠠᠬᠢ ᠬᠢᠷᠢ ᠬᠡᠮ ᠤᠨ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠪᠠ ᠠᠮᠵᠢᠯᠲᠠ ᠪᠦᠲᠦᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3