ᠸᠠᠩ ᠵᠢᠶᠠᠨ ᠸᠧᠢ
ᠨᠡᠶᠢᠲᠡᠯᠡᠭᠰᠡᠨ ᠴᠠᠭ᠄
2025/3/18
   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠰᠢᠶᠠᠨ ᠤ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭᠡ᠂ ᠰᠢᠩ ᠾᠧ ᠪᠸᠢ ᠥᠷᠲᠡᠭᠡ᠂ ᠰᠢᠩ ᠾᠧ ᠪᠠᠷᠠᠭᠤᠨ ᠥᠷᠲᠡᠭᠡ᠂ 110 ᠤᠯᠤᠰ ᠤᠨ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠵᠠᠰᠠᠬᠤ ᠥᠷᠲᠡᠭᠡ᠂ 110 ᠤᠯᠤᠰ ᠤᠨ ᠵᠠᠮ ᠤᠨ  ᠰᠦᠢᠳᠭᠡᠯ ᠬᠤᠷᠢᠶᠠᠬᠤ ᠥᠷᠲᠡᠭᠡ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠪᠴᠢ ᠲᠠᠨᠢᠯᠴᠠᠭᠤᠯᠭ᠎ᠠ    ᠸᠠᠩ ᠵᠢᠶᠠᠨ ᠸᠧᠢ᠂ ᠡᠷᠡᠭᠲᠡᠢ᠂ ᠬᠢᠲᠠᠳ ᠦᠨᠳᠦᠰᠦᠲᠡᠨ᠂ 1985 ᠣᠨ ᠤ 7 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠮᠢᠶᠠᠷᠤᠯᠲᠠ ᠶᠢᠨ ᠤᠬᠠᠭᠠᠨ ᠤ ᠣᠶᠤᠲᠠᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠰᠢᠩ ᠾᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3