ᠦᠵᠡᠬᠦ ᠳᠤ ᠡᠩ ᠤᠨ ᠪᠣᠯᠪᠠᠴᠤ ᠡᠯᠢᠭᠡ ᠶᠢ ᠰᠢᠷᠬᠠᠲᠤᠭᠤᠯᠬᠤ ᠠᠷᠪᠠᠨ ᠳᠠᠳᠬᠠᠯ
ᠨᠡᠶᠢᠲᠡᠯᠡᠭᠰᠡᠨ ᠴᠠᠭ᠄
2025/3/18
     ᠡᠯᠢᠭᠡᠨ ᠤ ᠴᠢᠬᠤᠯᠠ ᠴᠢᠨᠠᠷ ᠨᠢ ᠦᠭᠡ ᠬᠡᠯᠡᠬᠦ ᠦᠭᠡᠢ᠂ ᠭᠡᠪᠡᠴᠦ ᠪᠢᠳᠡ ᠡᠳᠦᠷ ᠳᠣᠳᠣᠮ ᠤᠨ ᠠᠮᠢᠳᠤᠷᠠᠯ ᠳᠤ ᠶᠡᠷᠦᠮᠳᠡᠭ ᠵᠠᠩᠰᠢᠯ ᠲᠠᠢ ᠪᠠᠶᠢᠳᠠᠭ ᠪᠣᠯᠪᠠᠴᠤ ᠳᠠᠭᠤ ᠴᠢᠮᠡᠭᠡ ᠦᠭᠡᠢ ᠪᠠᠷ ᠡᠯᠢᠭᠡ ᠵᠢᠷᠦᠬᠡ ᠶᠢ  ᠭᠡᠮᠲᠦᠭᠡᠵᠦ᠂ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠳᠠᠯᠳᠠ ᠭᠡᠮ ᠠᠪᠴᠢᠷᠠᠭᠰᠠᠨ ᠪᠠᠶᠢᠨ᠎ᠠ᠃      3 ᠰᠠᠷ᠎ᠠ ᠶᠢᠨ 18 ᠤ ᠡᠳᠦᠷ ᠪᠣᠯ ᠪᠥᠬᠦ ᠤᠯᠤᠰ ᠤᠨ ᠡᠯᠢᠭᠡᠨ ᠳᠤ ᠬᠠᠶᠢᠷᠠᠲᠠᠶ ᠡᠳᠦᠷ ᠮᠥᠨ᠂ ᠪᠢᠳᠡ ᠬᠠᠮᠲᠤ ᠪᠠᠷ ᠡᠯᠢᠭᠡ ᠰᠢᠷᠬᠠᠲᠤᠭᠰᠠᠨ ᠠᠷᠪᠠᠨ ᠶᠡᠭᠡ ︽ᠠᠶᠤᠩᠭ᠎ᠠ ᠨᠢᠵᠢᠭᠢᠨᠡᠬᠦ ᠣᠷᠣᠨ︾ ᠢ ᠡᠮᠬᠢᠯᠡᠪᠡ᠃      1. ᠢᠯᠵᠢᠷᠡᠨ ᠣᠷᠣᠵᠤ ᠢᠷᠡᠭᠰᠡᠨ ᠬᠠᠲᠠᠭᠤ ᠵᠢᠮᠢᠰ ᠪᠣᠯᠤᠨ ᠠᠮᠤ ᠪᠤᠳᠠᠭᠠᠨ ᠳᠤ ᠬᠤᠣᠷᠲᠤ ᠬᠠᠪᠤᠳᠠᠷ ᠡᠭᠦᠰᠭᠡᠬᠦ ᠪᠣᠳᠠᠰ - ᠰᠢᠷ᠎ᠠ ᠬᠥᠷᠥᠩᠭᠡ ᠶᠢᠨ ᠬᠥᠭᠡᠴᠦ ᠶᠢᠨ ᠡᠳ᠋᠃ ᠰᠢᠷ᠎ᠠ ᠬᠥᠷᠥᠩᠭᠡ ᠶᠢᠨ ᠬᠥᠭᠡᠴᠦ ᠶᠢᠨ ᠡᠳ᠋ ᠬᠦᠮᠦᠨ ᠤ ᠪᠡᠶ᠎ᠡ ᠳᠤ ᠣᠷᠣᠭᠰᠠᠨ ᠤ ᠳᠠᠷᠠᠭ᠎ᠠ᠂ ᠡᠯᠢᠭᠡᠨ ᠤ ᠨᠡᠭᠡᠳᠡᠰᠦ ᠶᠢ ᠬᠦᠨᠳᠦ ᠨᠣᠴᠢᠲᠠᠢ ᠡᠪᠳᠡᠵᠦ᠂ ᠤᠷᠲᠤ ᠬᠤᠭᠤᠴᠠᠭ᠎ᠠ ᠪᠠᠷ ᠰᠢᠩᠭᠡᠭᠡᠬᠦ ᠨᠢ ᠡᠯᠢᠭᠡᠨ ᠤ ᠠᠵᠢᠯᠯᠠᠭ᠎ᠠ ᠶᠢ ᠬᠤᠬᠢᠷᠠᠭᠤᠯᠬᠤ ᠲᠡᠳᠦᠢ ‍ᠦᠭᠡᠢ ᠪᠠᠰᠠ ᠡᠯᠢᠭᠡᠨ ᠤ ᠬᠤᠣᠷᠲᠤ ᠬᠠᠪᠤᠳᠠᠷ ᠡᠭᠦᠰᠭᠡᠬᠦ ᠪᠣᠯᠤᠨ᠎ᠠ᠃ ᠰᠢᠷ᠎ᠠ ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋ ᠨᠢ ᠥᠨᠳᠥᠷ ᠬᠠᠯᠠᠭᠤᠨ ᠳᠤ ᠲᠡᠰᠪᠦᠷᠢ ᠲᠠᠢ᠂ ᠶᠡᠷᠦᠳᠡ ᠶᠢᠨ ᠬᠤᠭᠤᠯᠠ ᠬᠢᠬᠦ ᠠᠷᠭ᠎ᠠ ᠶᠢ ᠠᠷᠢᠯᠭᠠᠬᠤ ᠳᠤ ᠪᠡᠷᠬᠡ ᠲᠠᠢ ᠪᠣᠯᠬᠤᠷ ᠬᠥᠭᠡᠴᠦ ᠶᠢᠨ ᠬᠦᠨᠡᠰᠦ ᠶᠢ ᠪᠤᠰᠤᠳ ᠪᠦᠲᠦᠭᠡᠭᠳᠡᠬᠦᠨ ᠪᠣᠯᠭᠠᠨ ᠪᠣᠯᠪᠠᠰᠤᠷᠠᠭᠤᠯᠵᠤ᠂ ᠰᠢᠷ᠎ᠠ ᠬᠥᠷᠥᠩᠭᠡ ᠶᠢᠨ ᠬᠥᠭᠡᠴᠦ ᠶᠢᠨ ᠡᠳ᠋ ᠨᠢ ᠮᠥᠨ ᠣᠷᠣᠰᠢᠭᠰᠠᠭᠠᠷ ᠪᠠᠶᠢᠨ᠎ᠠ᠃      2. ᠬᠡᠲᠦ ᠠᠷᠪᠢᠨ ᠠᠷᠢᠬᠢ ᠤᠤᠭᠤᠨ᠎ᠠ᠃ ᠰᠫᠢᠷᠲ ᠪᠣᠯ ᠡᠲ᠋ᠠᠨᠤᠯ ᠪᠣᠯᠤᠨ᠎ᠠ᠂ ᠬᠥᠮᠦᠨ ᠤ ᠪᠡᠶ᠎ᠡ ᠳᠤ ᠤᠷᠤᠭᠰᠠᠨ ᠤ ᠰᠡᠭᠦᠯᠡᠷ᠂ 90 % ᠨᠢ ᠡᠯᠢᠭᠡᠨ ᠪᠣᠳᠠᠰ ᠤᠨ ᠰᠣᠯᠢᠯᠴᠠᠭ᠎ᠠ ᠪᠠᠷ ᠲᠠᠮᠵᠢᠨ ᠵᠠᠳᠠᠷᠠᠵᠤ᠂ ᠬᠤᠣᠷᠲᠤ ᠴᠢᠨᠠᠷ ᠢᠶᠠᠷ ᠲᠦᠢᠯ ᠤᠨ ᠴᠢᠩᠭ᠎ᠠ ᠡᠲ᠋ᠠᠨᠠᠯ ᠪᠤᠯᠵᠦ ᠬᠤᠪᠢᠷᠠᠳᠠᠭ᠃ ᠡᠲ᠋ᠠᠨᠠᠯ ᠪᠣᠯ ᠨᠢᠭᠡᠳᠦᠭᠡᠷ ᠳᠡᠰ ᠤᠨ ᠥᠮᠡᠨ ᠡᠭᠦᠰᠭᠡᠬᠦ ᠪᠣᠳᠠᠰ᠂ ᠮᠥᠨ ᠴᠦ ᠰᠫᠢᠷᠲ ᠤᠨ ᠴᠢᠨᠠᠷᠲᠠᠶ ᠡᠯᠢᠭᠡᠨ ᠡᠪᠡᠳᠴᠢᠨ ᠢ ᠡᠭᠦᠰᠭᠡᠬᠦ ᠭᠤᠣᠯ ᠰᠢᠯᠲᠠᠭᠠᠨ ᠪᠣᠯᠤᠨ᠎ᠠ᠃ ᠬᠥᠩᠭᠡᠨ ᠭᠡᠮᠲᠦᠭᠰᠡᠨ ᠨᠢ ᠡᠯᠢᠭᠡᠨ ᠤ ᠰᠢᠪᠲᠦᠷ ᠤᠨ ᠢᠰᠬᠡᠭᠦᠷ ᠢ ᠨᠢᠭᠡ ᠯᠡ ᠤᠳᠠᠭ᠎ᠠ ᠳᠡᠭᠡᠷ᠎ᠡ ᠥᠨᠳᠥᠷᠵᠢᠭᠦᠯᠵᠦ᠂ ᠰᠫᠢᠷᠲ ᠤᠨ ᠴᠢᠨᠠᠷᠲᠠᠢ ᠡᠯᠢᠭᠡᠨ ᠦᠷᠪᠢᠰᠦᠯ ᠪᠤᠶᠤ ᠥᠭᠡᠬᠦᠯᠡᠭᠰᠡᠨ ᠡᠯᠢᠭᠡ ᠶᠢ ᠡᠭᠦᠰᠭᠡᠨ᠎ᠡ︔ ᠨᠡᠯᠢᠶᠡᠳ ᠬᠦᠨᠳᠦ ᠨᠢ ᠰᠫᠢᠷᠲ ᠤᠨ ᠴᠢᠨᠠᠷᠲᠠᠢ ᠡᠯᠢᠭᠡᠨ ᠤ ᠰᠢᠷᠬᠡᠭᠵᠢᠬᠦ᠂ ᠡᠯᠢᠭᠡᠨ ᠤ ᠬᠠᠲᠠᠭᠤᠷᠠᠯ ᠴᠢᠨᠠᠭᠰᠢᠯᠠᠪᠠᠯ ᠡᠯᠢᠭᠡᠨ ᠤ ᠥᠮᠡᠨ ᠪᠣᠯᠵᠤ ᠮᠡᠳᠡᠨ᠎ᠡ᠃      3. ᠳᠤᠷ᠎ᠠ ᠪᠠᠷ ᠢᠶᠠᠨ ᠡᠮ ᠬᠡᠷᠡᠭᠯᠡᠬᠦ  ᠃ ᠡᠯᠢᠭᠡ ᠨᠢ ᠬᠥᠮᠦᠨ ᠤ ᠪᠡᠶ᠎ᠡ ᠶᠢᠨ ᠬᠠᠮᠤᠭ ᠶᠡᠭᠡ ᠬᠤᠣᠷ ᠲᠠᠶᠢᠯᠬᠤ ᠡᠷᠬᠡᠲᠡᠨ ᠪᠣᠯᠤᠭᠰᠠᠨ ᠤ ᠬᠤᠪᠢ ᠳᠤ᠂ ᠡᠮ ᠤᠨ ᠪᠣᠳᠠᠰ ᠤᠨ ᠰᠣᠯᠢᠯᠴᠠᠭ᠎ᠠ ᠳᠤ ᠭᠦᠨᠵᠡᠭᠡᠶ ᠣᠷᠣᠯᠴᠠᠳᠠᠭ᠃ ᠴᠥᠭᠡᠨ ᠪᠤᠰᠤ ᠬᠥᠮᠦᠨ ᠤ ᠦᠵᠡᠬᠦ ᠪᠠᠷ᠂ ᠤᠷᠲᠤ ᠬᠤᠭᠤᠴᠠᠭ᠎ᠠ ᠪᠠᠷ ᠡᠮ ᠤᠤᠭᠤᠭᠰᠠᠨ ᠤᠳᠠᠭᠠᠨ ᠴᠢᠨᠠᠷᠲᠠᠢ ᠡᠪᠡᠳᠴᠢᠲᠡᠨ ᠰᠠᠶ᠋ᠢ ᠠᠮᠠᠷᠬᠠᠨ ᠡᠮ ᠤᠨ ᠴᠢᠨᠠᠷᠲᠠᠢ ᠡᠯᠢᠭᠡ ᠭᠡᠮᠲᠦᠳᠡᠭ᠃ ᠦᠨᠡᠨ ᠳᠡᠭᠡᠨ ᠲᠡᠶᠢᠮᠦ ᠪᠢᠰᠢ᠃ ᠡᠳᠦᠷ ᠲᠤᠲᠤᠮ ᠤᠨ ᠠᠮᠢᠳᠤᠷᠠᠯ ᠳᠤᠮᠳᠠ᠂ ᠥᠪᠡᠷ ᠢᠶᠠᠨ ᠲᠠᠭᠰᠢᠭᠤᠷ ᠤᠨ ᠡᠮ᠂ ᠬᠠᠯᠠᠭᠤᠨ ᠢ ᠪᠠᠭᠤᠷᠠᠭᠤᠯᠬᠤ ᠡᠮ᠂ ᠡᠪᠡᠳᠬᠦ ᠶᠢ ᠵᠣᠭᠰᠣᠭᠠᠬᠤ ᠡᠮ ᠵᠢᠴᠢ ᠨᠢᠶᠠᠨ ᠳᠠᠷᠤᠭᠴᠢ ᠪᠤᠶᠤ ᠡᠯ᠎ᠡ ᠵᠦᠢᠯ ᠤᠨ ᠡᠷᠡᠭᠦᠯᠵᠢᠯ ᠤᠨ ᠡᠳ᠋ ᠢ ᠳᠤᠷ᠎ᠠ ᠪᠠᠷ ᠬᠡᠷᠡᠭᠯᠡᠪᠡᠯ ᠪᠦᠷ ᠡᠮ ᠤᠨ ᠴᠢᠨᠠᠷᠲᠠᠢ ᠡᠯᠢᠭᠡᠨ ᠤ ᠭᠡᠮᠲᠦᠯ ᠢ ᠡᠭᠦᠰᠭᠡᠵᠦ ᠮᠡᠳᠡᠨ᠎ᠡ᠃      4. ᠲᠠᠮᠠᠬᠢ ᠲᠠᠲᠠᠬᠤ ᠵᠢᠴᠢ ᠳᠠᠮ ᠢᠶᠠᠷ ᠲᠠᠮᠠᠬᠢ ᠲᠠᠲᠠᠬᠤ᠃  ᠲᠠᠮᠠᠬᠢ ᠰᠢᠲᠠᠭᠰᠠᠨ ᠤ ᠳᠠᠷᠠᠭ᠎ᠠ ᠨᠢᠺᠣᠲ᠋ᠢᠨ᠂ ᠬᠡᠦᠳᠡᠰᠦ᠂ ᠣᠯᠠᠨ ᠴᠠᠭᠠᠷᠢᠭᠲᠤ ᠦᠨᠦᠷᠲᠦ ᠨᠡᠭᠦᠷᠦᠭᠴᠢ ᠵᠡᠷᠭᠡ ᠮᠢᠩᠭ᠎ᠠ ᠭᠠᠷᠤᠢ ᠵᠦᠢᠯ ᠤᠨ ᠬᠤᠣᠷᠲᠤ ᠪᠣᠳᠠᠰ ᠡᠭᠦᠰᠴᠦ᠂ ᠡᠯᠢᠭᠡᠨ ᠤ ᠢᠰᠦᠯᠳᠦᠯ ᠤᠨ ᠰᠡᠷᠡᠯᠵᠢᠯ ᠥᠨᠳᠥᠷᠵᠢᠵᠦ᠂ ᠦᠷᠪᠢᠰᠦᠯ ᠡᠭᠦᠰᠭᠡᠵᠦ᠂ ᠡᠯᠢᠭᠡᠨ ᠤ ᠡᠰ ᠢ ᠡᠪᠳᠡᠵᠦ᠂ ᠡᠯᠢᠭᠡᠨ ᠤ ᠥᠭᠡᠬᠦ᠂ ᠤᠭᠤᠷᠠᠭ ᠵᠡᠷᠭᠡ ᠪᠣᠳᠠᠰ ᠤᠨ ᠰᠣᠯᠢᠯᠴᠠᠭ᠎ᠠ ᠶᠢᠨ ᠠᠵᠢᠯᠯᠠᠭ᠎ᠠ ᠶᠢ ᠨᠥᠯᠥᠭᠡᠯᠡᠵᠦ᠂ ᠰᠫᠢᠷᠲ ᠤᠨ ᠪᠤᠰᠤ ᠥᠭᠡᠬᠦᠯᠡᠭᠰᠡᠨ ᠡᠯᠢᠭᠡ ᠶᠢ ᠥᠳᠥᠭᠡᠵᠦ᠂ ᠪᠠᠰᠠ ᠡᠯᠢᠭᠡᠨ ᠤ ᠬᠤᠣᠷ ᠲᠠᠶᠢᠯᠬᠤ ᠴᠢᠳᠠᠪᠤᠷᠢ ᠶᠢ ᠪᠠᠭᠤᠷᠠᠭᠤᠯᠤᠨ᠎ᠠ᠃      5. ᠤᠳᠠᠭᠠᠨ ᠴᠢᠨᠠᠷᠲᠠᠶ ᠳᠠᠷᠤᠯᠲᠠ ᠶᠢᠨ ᠬᠤᠷᠠᠮᠳᠤᠯ᠃ ᠠᠮᠢᠳᠤᠷᠠᠯ ᠤᠨ ᠠᠶᠢᠵᠠᠮ ᠲᠦᠷᠭᠡᠨ ᠪᠠᠶᠢᠵᠤ᠂ ᠰᠤᠷᠤᠯᠭ᠎ᠠ᠂ ᠠᠵᠢᠯ ᠤᠨ ᠲᠠᠯᠠᠪᠤᠷ᠂ ᠠᠮᠢᠳᠤᠷᠠᠯ ᠤᠨ ᠳᠠᠷᠤᠯᠲᠠ ᠦᠷᠭᠦᠯᠵᠢᠯᠡᠨ ᠨᠡᠮᠡᠭᠳᠡᠵᠦ᠂ ᠤᠳᠠᠭᠠᠨ ᠴᠢᠨᠠᠷᠲᠠᠶ ᠳᠠᠷᠤᠯᠲᠠ ᠲᠠᠰᠤᠷᠠᠯᠲᠠ ᠥᠬᠡᠶ ᠬᠤᠷᠠᠮᠳᠤᠭᠤᠯᠪᠠᠯ ᠳᠠᠷᠤᠶ ᠡᠯᠢᠭᠡ ᠶᠢ ᠰᠡᠮᠡᠬᠡᠷ ᠭᠡᠮᠲᠦᠭᠡᠨ᠎ᠡ᠃ ᠤᠷᠲᠤ ᠬᠤᠭᠤᠴᠠᠭᠠᠨ ᠤ ᠳᠠᠷᠤᠯᠲᠠ ᠶᠡᠭᠡ᠂ ᠪᠡᠶ᠎ᠡ ᠶᠢᠨ ᠰᠡᠳᠦᠯᠲᠡ ᠥᠭᠬᠦ ᠲᠤᠰᠬᠠᠯ ᠨᠢ ᠬᠡᠳᠦ ᠶᠡᠭᠡ᠂ ᠬᠥᠷᠥᠰᠥᠨ ᠤ ᠠᠯᠺᠣᠣᠯ ᠵᠡᠷᠭᠡ ᠬᠤᠷᠮᠣᠨ ᠶᠡᠭᠡ ᠬᠡᠮᠵᠢᠶ᠎ᠡ ᠪᠠᠷ ᠢᠯᠭᠠᠷᠠᠵᠤ᠂ ᠴᠢᠰᠤᠨ ᠤ ᠰᠢᠬᠢᠷ ᠢ ᠳᠡᠭᠡᠭᠰᠢᠯᠡᠭᠦᠯᠵᠦ᠂ ᠡᠯᠢᠭᠡᠨ ᠤ ᠰᠣᠯᠢᠯᠴᠠᠭᠠᠨ ᠤ ᠳᠠᠷᠤᠯᠲᠠ ᠶᠢ ᠨᠡᠮᠡᠭᠳᠡᠭᠦᠯᠳᠡᠭ᠃ ᠳᠠᠷᠤᠯᠲᠠ ᠨᠢ ᠪᠠᠰᠠ ᠮᠡᠳᠡᠷᠡᠯ ᠤᠨ ᠡᠯᠢᠭᠡᠨ ᠳᠤ ᠲᠣᠬᠢᠷᠠᠭᠤᠯᠤᠯᠲᠠ ᠬᠢᠬᠦ ᠶᠢ ᠬᠠᠷᠰᠢᠯᠠᠵᠤ᠂ ᠡᠯᠢᠭᠡᠨ ᠤ ᠴᠢᠰᠤᠨ ᠤ ᠡᠷᠭᠢᠯᠲᠡ ᠮᠠᠭᠤᠳᠠᠵᠤ᠂ ᠰᠥᠰᠥᠨ ᠤ ᠰᠢᠩᠭᠡᠨ ᠢ ᠬᠡᠪ ᠤᠨ ᠪᠤᠰᠤ ᠪᠠᠶᠢᠯᠭᠠᠵᠤ᠂ ᠡᠯᠢᠭᠡᠨ ᠤ ᠳᠠᠷᠤᠭᠠᠰᠤ ᠶᠢ ᠬᠦᠨᠳᠦᠷᠡᠭᠦᠯᠬᠦ ᠪᠣᠯᠤᠨ᠎ᠠ᠃ ᠬᠠᠷᠢᠨ ᠳᠠᠷᠤᠯᠲᠠ ᠠᠴᠠ ᠪᠣᠯᠤᠭᠰᠠᠨ ᠡᠷᠡᠭᠦᠯ ᠪᠤᠰᠤ ᠤᠷᠮ᠎ᠠ ᠵᠣᠷᠢᠭ ᠨᠢ ᠬᠦᠮᠦᠰ ᠢ ᠭᠡᠨᠡᠳᠲᠡ ᠪᠠᠷ ᠬᠤᠭᠤᠯᠠ ᠤᠮᠳᠠ ᠢᠳᠡᠬᠦ ᠪᠤᠶᠤ ᠳᠤᠷ᠎ᠠ ᠲᠠᠪᠠ ᠪᠠᠷ ᠢᠶᠠᠨ ᠢᠳᠡᠪᠡᠯ ᠡᠯᠢᠭᠡᠨ ᠤ ᠳᠠᠷᠤᠭᠠᠰᠤ ᠶᠢ ᠬᠦᠨᠳᠦᠷᠡᠭᠦᠯᠬᠦ ᠪᠣᠯᠤᠨ᠎ᠠ᠃      6. ᠴᠢᠩᠭ᠎ᠠ ᠠᠮᠲᠠ᠃ ᠮᠠᠰᠢ ᠣᠯᠠᠨ ᠬᠥᠮᠦᠨ ᠥᠨᠳᠥᠷ ᠰᠢᠬᠢᠷ᠂ ᠥᠨᠳᠥᠷ ᠲᠣᠰᠣ᠂ ᠥᠨᠳᠥᠷ ᠥᠭᠡᠬᠦ ᠲᠠᠢ ᠢᠳᠡᠭᠡᠨ ᠢᠳᠡᠬᠦ ᠳᠤᠷᠠᠲᠠᠶ᠂ ᠵᠢᠱᠢᠶᠡᠯᠡᠪᠡᠯ ᠵᠥᠭᠡᠬᠡᠶ ᠲᠠᠢ ᠪᠣᠭᠤᠷᠰᠤᠭ᠂ ᠰᠢᠷᠠᠭᠰᠠᠨ ᠳᠠᠬᠢᠶ᠎ᠠ᠂ ᠰᠦ ᠲᠠᠢ ᠴᠠᠢ ᠵᠡᠷᠭᠡ ᠃ ᠤᠷᠲᠤ ᠬᠤᠭᠤᠴᠠᠭ᠎ᠠ ᠪᠠᠷ ᠡᠨᠡ ᠲᠥᠷᠥᠯ ᠤᠨ ᠢᠳᠡᠭᠡᠨ ᠢ ᠶᠡᠭᠡ ᠬᠡᠮᠵᠢᠶ᠎ᠡ ᠪᠠᠷ ᠢᠳᠡᠪᠡᠯ᠂ ᠡᠯᠢᠭᠡ ᠳᠠᠷᠤᠶ ᠳᠠᠭᠠᠭᠠᠴᠠ ᠠᠴᠠ ᠪᠠᠨ ᠬᠡᠲᠦᠷᠡᠭᠰᠡᠨ ᠪᠠᠶᠢᠳᠠᠯ ᠳᠤ ᠣᠷᠣᠰᠢᠵᠤ᠂ ᠰᠢᠩᠭᠡᠭᠡᠨ ᠠᠪᠬᠤ ᠨᠡᠶᠢᠯᠡᠯᠭᠡ ᠶᠢ ᠨᠡᠮᠡᠭᠳᠡᠭᠦᠯᠦᠨ᠂ ᠤᠯᠠᠷᠢᠭᠤᠯᠤᠨ ᠠᠰᠢᠭᠯᠠᠬᠤ ᠶᠢ ᠪᠠᠭᠠᠰᠬᠠᠵᠤ᠂ ᠥᠭᠡᠬᠦ ᠡᠯᠢᠭᠡᠨ ᠳᠤ ᠶᠡᠭᠡ ᠬᠡᠮᠵᠢᠶ᠎ᠡ ᠪᠠᠷ ᠣᠪᠣᠭᠠᠷᠠᠨ᠎ᠠ᠃ ᠡᠯᠢᠭᠡ ᠥᠭᠡᠬᠦᠯᠡᠬᠦ ᠥᠭᠡᠬᠦ ᠨᠢ ᠡᠯᠢᠭᠡᠨ ᠤ ᠥᠩᠭᠡᠨ ᠲᠠᠯ᠎ᠠ ᠳᠤ ᠪᠠᠶᠢᠳᠠᠭ ᠪᠣᠯᠪᠠᠴᠤ᠂ ᠦᠨᠡᠨ ᠳᠡᠭᠡᠨ ᠡᠳᠡᠭᠡᠷ ᠥᠭᠡᠬᠦ ᠨᠢ ᠡᠯᠢᠭᠡᠨ ᠤ ᠡᠰ ᠤᠨ ᠳᠣᠲᠣᠭᠠᠳᠤ ᠳᠤ ᠣᠷᠣᠰᠢᠳᠠᠭ ᠪᠣᠯᠬᠤᠷ ᠡᠯᠢᠭᠡᠨ ᠤ ᠡᠰ ᠤᠨ ᠥᠭᠡᠬᠦ ᠨᠢ ᠬᠤᠪᠢᠷᠠᠨ᠎ᠠ ᠭᠡᠵᠦ ᠴᠥᠭᠡᠨ ᠪᠤᠰᠤ ᠬᠥᠮᠦᠰ ᠦᠵᠡᠳᠡᠭ  ᠃ ᠲᠡᠷᠡᠴᠢᠯᠡᠨ ᠬᠡᠮᠵᠢᠶ᠎ᠡ ᠨᠢ ᠬᠡᠲᠦᠷᠡᠪᠡᠯ ᠡᠯᠢᠭᠡᠨ ᠤ ᠡᠰ ᠢ ᠭᠡᠮᠲᠦᠭᠡᠵᠦ᠂ ᠡᠯᠢᠭᠡᠨ ᠤ ᠬᠠᠲᠠᠭᠤᠷᠠᠯ᠂ ᠡᠯᠢᠭᠡᠨ ᠤ ᠥᠮᠡᠨ ᠡᠭᠦᠰᠬᠦ ᠲᠦᠭᠰᠢᠭᠦᠷᠢ ᠶᠢ ᠶᠡᠭᠡ ᠪᠠᠷ ᠨᠡᠮᠡᠭᠳᠡᠭᠦᠯᠦᠨ᠎ᠡ᠃      7.  ᠳᠠᠪᠤᠰᠤᠯᠠᠭᠰᠠᠨ ᠬᠦᠨᠡᠰᠦᠨ ᠤ ᠵᠦᠢᠯ ᠢ ᠢᠳᠡᠬᠦ ᠳᠤᠷᠠᠲᠠᠢ᠃ ᠲᠡᠭᠦᠨ ᠳᠤ ᠠᠭᠤᠯᠠᠳᠠᠭ ᠠᠽᠣᠲ ᠬᠦᠴᠢᠯ ᠤᠨ ᠳᠠᠪᠤᠰᠤ ᠨᠢ ᠭᠡᠳᠡᠰᠦᠨ ᠤ ᠪᠠᠺᠲ᠋ᠧᠷᠢ ᠶᠢᠨ ᠪᠦᠯᠦᠭ ᠤᠨ ᠡᠭᠦᠷᠭᠡ ᠪᠠᠷ ᠳᠤᠲᠠᠭᠤ ᠠᠽᠣᠲ ᠬᠦᠴᠢᠯ ᠤᠨ ᠳᠠᠪᠤᠰᠤ ᠪᠣᠯᠤᠨ ᠬᠤᠪᠢᠷᠠᠵᠤ᠂ ᠬᠤᠳᠣᠭᠤᠳᠣᠨ ᠳᠤ ᠬᠤᠣᠷᠲᠤ ᠪᠣᠳᠠᠰ ᠳᠤᠲᠠᠭᠤ ᠠᠽᠣᠲ ᠠᠮᠢᠨ ᠪᠣᠯᠳᠠᠭ  ᠃ ᠡᠳᠡᠭᠡᠷ ᠪᠣᠳᠠᠰ ᠨᠢ ᠬᠥᠮᠦᠨ ᠤ ᠬᠤᠳᠣᠭᠤᠳᠣᠨ ᠥᠮᠡᠨ᠂ ᠡᠯᠢᠭᠡᠨ ᠥᠮᠡᠨ ᠣᠯᠬᠤ ᠲᠦᠭᠰᠢᠭᠦᠷᠢ ᠶᠢ ᠨᠡᠮᠡᠭᠳᠡᠭᠦᠯᠦᠨ᠎ᠡ᠃ ᠰᠢᠷᠠᠮᠠᠯ ᠢᠳᠡᠭᠡᠨ ᠴᠦ ᠨᠠᠷᠢᠯᠢᠭ ᠡᠳ᠋ᠰᠢᠭᠦᠯᠦᠭᠰᠡᠨ ᠢᠳᠡᠭᠡᠨ ᠳᠤ ᠪᠠᠭᠲᠠᠨ᠎ᠠ᠂ ᠪᠣᠯᠪᠠᠰᠤᠷᠠᠭᠤᠯᠬᠤ ᠶᠠᠪᠤᠴᠠ ᠳᠤ ᠡᠭᠦᠰᠦᠭᠰᠡᠨ ᠣᠯᠠᠨ ᠴᠠᠭᠠᠷᠢᠭᠲᠤ ᠦᠨᠦᠷᠲᠦ ᠨᠡᠭᠦᠷᠦᠭᠴᠢ᠂ ᠬᠤᠯᠢᠮᠠᠭ ᠴᠠᠭᠠᠷᠢᠭ ᠠᠮᠢᠨ ᠵᠡᠷᠭᠡ ᠥᠮᠡᠨ ᠡᠭᠦᠰᠭᠡᠬᠦ ᠪᠣᠳᠠᠰ ᠨᠢ ᠡᠯᠢᠭᠡᠨ ᠤ ᠰᠣᠯᠢᠯᠴᠠᠭᠠᠨ ᠤ ᠳᠠᠷᠤᠭᠠᠰᠤ ᠶᠢ ᠬᠦᠨᠳᠦᠷᠡᠭᠦᠯᠳᠡᠭ᠃      8 . ᠲᠡᠯᠡᠶ ᠶᠢᠨ ᠢᠳᠡᠭᠡᠨ ᠪᠠ ᠬᠢᠰᠤᠭ᠎ᠠ ᠶᠢᠨ ᠵᠦᠢᠯ ᠢ ᠢᠳᠡᠬᠦ᠃ ᠮᠠᠰᠢ ᠣᠯᠠᠨ ᠬᠥᠮᠦᠨ ᠳᠠᠯᠠᠢ ᠶᠢᠨ ᠢᠳᠡᠭᠡᠨ ᠪᠠ ᠬᠢᠰᠤᠭ᠎ᠠ ᠶᠢᠨ ᠵᠦᠶ᠋ᠯ ᠢ ᠲᠦᠭᠦᠬᠡᠶ ᠪᠠᠷ ᠢᠳᠡᠬᠦ ᠳᠤᠷᠠᠲᠠᠶ᠂ ᠵᠢᠱᠢᠶᠡᠯᠡᠪᠡᠯ ᠲᠦᠭᠦᠬᠡᠶ ᠵᠢᠭᠠᠰᠤᠨ ᠢᠯᠲᠠᠰᠤ᠂ ᠮᠥᠯᠢ ᠬᠢᠰᠤᠭ᠎ᠠ᠂ ᠰᠣᠷᠭᠤᠭ ᠰᠠᠮ ᠬᠤᠷᠣᠬᠠᠶ ᠵᠡᠷᠭᠡ᠃ ᠡᠨᠡ ᠲᠥᠷᠥᠯ ᠤᠨ ᠲᠦᠭᠦᠬᠡᠶ ᠰᠣᠷᠭᠤᠭ ᠨᠢ ᠴᠡᠪᠡᠷ ᠪᠤᠰᠤ ᠪᠣᠯ᠂ ᠢᠳᠡᠭᠰᠡᠨ ᠤ ᠳᠠᠷᠠᠭ᠎ᠠ ᠮᠠᠰᠢ ᠶᠡᠭᠡ ᠳᠠᠯᠳᠠ ᠠᠶᠤᠯ ᠲᠠᠢ᠃ ᠡᠯᠢᠭᠡᠨ ᠤ A ᠦᠷᠪᠢᠰᠦᠯ᠂ ᠡᠯᠢᠭᠡᠨ ᠤ ᠰᠢᠷ᠎ᠠ ᠦᠷᠪᠢᠰᠦᠯ ᠤᠨ ᠸᠢᠷᠦ᠋ᠰ ᠨᠢ ᠠᠮᠠᠷᠬᠠᠨ ᠴᠡᠪᠡᠷ ᠪᠤᠰᠤ ᠲᠦᠭᠦᠬᠡᠶ ᠢᠳᠡᠭᠡᠨ ᠢᠶᠠᠷ ᠬᠥᠮᠦᠨ ᠤ ᠪᠡᠶ᠎ᠡ ᠳᠤ ᠬᠠᠯᠳᠠᠪᠤᠷᠢᠯᠠᠳᠠᠭ᠂ ᠨᠠᠰᠤᠲᠠᠶᠢᠴᠤᠳ᠂ ᠵᠢᠷᠮᠦᠰᠦᠨ ᠡᠮᠡᠭᠲᠡᠶ ᠪᠠ ᠦᠨᠳᠦᠰᠦᠨ ᠡᠪᠡᠳᠴᠢᠨ ᠲᠠᠢ ᠬᠥᠮᠦᠨ ᠬᠠᠯᠳᠠᠪᠤᠷᠢᠯᠠᠭᠳᠠᠭᠰᠠᠨ ᠤ ᠳᠠᠷᠠᠭ᠎ᠠ᠂ ᠡᠯᠢᠭᠡᠨ ᠤ ᠬᠦᠨᠳᠦ ᠨᠣᠴᠢᠲᠠᠶ ᠭᠡᠮᠲᠦᠯ ᠡᠭᠦᠰᠬᠦ ᠪᠤᠶᠤ ᠴᠢᠨᠠᠭᠰᠢᠯᠠᠪᠠᠯ ᠡᠯᠢᠭᠡᠨ ᠤ ᠮᠠᠭᠤᠳᠠᠯ ᠡᠭᠦᠰᠴᠦ ᠮᠡᠳᠡᠨ᠎ᠡ᠃ ᠬᠢᠴᠢᠶᠡᠮᠵᠢ ᠦᠭᠡᠢ ᠪᠣᠯ ᠰᠢᠮᠡᠭᠦᠷ ᠬᠤᠷᠣᠬᠠᠢ ᠶᠢᠨ ᠥᠨᠳᠡᠭᠡ ᠲᠠᠢ ᠲᠦᠭᠦᠬᠡᠢ ᠵᠢᠭᠠᠰᠤᠨ ᠢᠯᠲᠠᠰᠤ ᠵᠡᠷᠭᠡ ᠶᠢ ᠢᠳᠡᠪᠡᠯ ᠡᠯᠢᠭᠡᠨ ᠰᠢᠮᠡᠭᠦᠷ ᠬᠤᠷᠣᠬᠠᠢ ᠶᠢᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ᠃      9 .  ᠬᠥᠳᠡᠯᠭᠡᠭᠡᠨ ᠤ ᠪᠣᠯᠪᠠᠰᠤᠷᠠᠯ ᠳᠤᠲᠠᠮᠠᠭ᠃ ᠣᠳᠣ ᠦᠶ᠎ᠡ ᠶᠢᠨ ᠲᠦᠷᠭᠡᠨ ᠠᠶᠢᠵᠠᠮᠲᠤ ᠠᠮᠢᠳᠤᠷᠠᠯ ᠳᠤᠮᠳᠠ᠂ ᠬᠥᠮᠦᠰ ᠭᠠᠳᠠᠭᠰᠢ ᠭᠠᠷᠬᠤ ᠳᠤ ᠪᠠᠨ ᠵᠠᠮ ᠬᠠᠷᠢᠯᠴᠠᠭᠠᠨ ᠤ ᠪᠠᠭᠠᠵᠢ ᠳᠤ ᠲᠦᠰᠢᠭᠯᠡᠨ᠂ ᠤᠷᠲᠤ ᠬᠤᠭᠤᠴᠠᠭ᠎ᠠ ᠪᠠᠷ ᠰᠠᠭᠤᠵᠤ᠂ ᠰᠡᠯᠡᠭᠦᠴᠡᠬᠦ ᠳᠡᠭᠡᠨ ᠬᠡᠪᠲᠡᠵᠦ ᠪᠠᠶᠢᠭᠠᠳ ᠭᠠᠷ ᠤᠲᠠᠰᠤ ᠪᠠᠨ ᠦᠵᠡᠵᠦ᠂ ᠬᠥᠳᠡᠯᠭᠡᠭᠡᠨ ᠬᠢᠬᠦ ᠴᠠᠭ ᠢᠶᠠᠨ ᠶᠡᠭᠡ ᠪᠠᠷ ᠪᠠᠭᠠᠰᠬᠠᠳᠠᠭ᠃ ᠬᠥᠮᠦᠨ ᠬᠥᠳᠡᠯᠭᠡᠭᠡᠨ ᠳᠤᠲᠠᠭᠳᠠᠬᠤ ᠣᠶᠢᠶ᠎ᠠ ᠳᠤ᠂ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭᠠᠨ ᠤ ᠬᠤᠷᠳᠤᠴᠠ ᠢᠯᠡᠷᠬᠡᠶ ᠤᠳᠠᠭᠠᠰᠢᠷᠠᠨ᠎ᠠ᠃ ᠥᠭᠡᠬᠦ ᠶᠢᠨ ᠵᠠᠳᠠᠷᠠᠯ ᠰᠣᠯᠢᠯᠴᠠᠭ᠎ᠠ ᠬᠠᠷᠰᠢᠯᠠᠭᠳᠠᠵᠤ᠂ ᠢᠯᠡᠭᠦᠴᠡ ᠥᠭᠡᠬᠦ ᠨᠢ ᠪᠡᠶ᠎ᠡ ᠶᠢᠨ ᠳᠣᠲᠣᠷ᠎ᠠ ᠣᠪᠣᠭᠠᠷᠠᠵᠤ᠂ ᠢᠯᠠᠩᠭᠤᠶ᠎ᠠ ᠡᠯᠢᠭᠡᠨ ᠳᠤ ᠣᠪᠣᠭᠠᠷᠠᠭᠠᠳ ᠰᠫᠢᠷᠲ ᠤᠨ ᠪᠤᠰᠤ ᠥᠭᠡᠬᠦ ᠶᠢᠨ ᠴᠢᠨᠠᠷᠲᠠᠶ ᠡᠯᠢᠭᠡᠨ ᠡᠪᠡᠳᠴᠢᠨ ᠢ ᠡᠭᠦᠰᠭᠡᠨ᠎ᠡ᠃      10 . ᠰᠥᠨᠢᠵᠢᠨ ᠰᠠᠭᠤᠬᠤ᠃ ᠴᠠᠭ ᠨᠡᠮᠡᠵᠦ ᠠᠵᠢᠯᠯᠠᠬᠤ᠂ ᠵᠦᠴᠦᠭᠡ ᠦᠵᠡᠬᠦ᠂ ᠲᠣᠭᠯᠠᠭᠠᠮ ᠨᠠᠭᠠᠳᠬᠤ ᠬᠥᠮᠦᠰ ᠤᠨ ᠤᠨᠲᠠᠬᠤ ᠴᠠᠭ ᠨᠢ ᠳᠠᠬᠢᠨ ᠳᠠᠪᠲᠠᠨ ᠪᠠᠭᠠᠰᠴᠤ᠂ ᠮᠠᠰᠢ ᠣᠯᠠᠨ ᠬᠥᠮᠦᠨ ᠤᠷᠲᠤ ᠬᠤᠭᠤᠴᠠᠭ᠎ᠠ ᠪᠠᠷ ᠨᠦᠢᠷ ᠬᠦᠷᠦᠯᠴᠡᠬᠦ ᠦᠭᠡᠢ ᠪᠠᠢᠳᠠᠯ ᠳᠤ ᠪᠠᠢᠨ᠎ᠠ᠃ ᠰᠥᠨᠢ ᠣᠷᠣᠢ ᠡᠯᠢᠭᠡᠨ ᠳᠤ ᠠᠮᠠᠷᠠᠬᠤ ᠰᠢᠵᠢᠷ ᠠᠯᠲᠠᠨ ᠴᠠᠭ᠃ ᠬᠥᠮᠦᠨ ᠭᠦᠨ ᠨᠦᠷᠰᠤᠭᠰᠠᠨ ᠤ ᠳᠠᠷᠠᠭ᠎ᠠ᠂ ᠡᠯᠢᠭᠡᠨ ᠤ ᠴᠢᠰᠤᠨ ᠤᠷᠤᠰᠬᠠᠯ ᠤᠨ ᠬᠡᠮᠵᠢᠶ᠎ᠡ ᠶᠡᠭᠡ ᠪᠠᠷ ᠨᠡᠮᠡᠭᠳᠡᠵᠦ᠂ ᠨᠠᠩ ᠥᠨᠳᠥᠷ ᠪᠦᠲᠦᠮᠵᠢᠲᠡᠶ ᠪᠠᠷ ᠥᠪᠡᠷ ᠢ ᠪᠠᠨ ᠵᠠᠰᠠᠵᠤ᠂ ᠬᠤᠤᠷ ᠪᠠ ᠰᠣᠯᠢᠯᠴᠠᠭ᠎ᠠ ᠶᠢ ᠲᠠᠶᠢᠯᠵᠤ ᠪᠣᠯᠤᠨ᠎ᠠ᠃                               ᠢᠷᠡᠯᠲᠡ᠄  ᠡᠷᠡᠭᠦᠯ  ᠴᠢᠬᠢᠷᠠᠭ ᠳᠤᠮᠳᠠᠳᠤ  ᠤᠯᠤᠰ                                 ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3