ᠲᠥᠯᠥᠭᠡᠯᠡᠭᠴᠢ ᠭᠡᠰᠢᠭᠦᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢ ᠭᠡᠰᠢᠭᠦᠳ ᠤᠨ ᠠᠵᠢᠯ ᠤᠨ ᠰᠡᠳᠬᠢᠴᠡ ᠪᠠᠨ | ᠥᠷᠭᠡᠳᠬᠡᠬᠦ ᠶᠢ ᠠᠬᠢᠭᠤᠯᠵᠤ᠂ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠤᠨ ᠲᠥᠯᠥᠭᠡᠯᠡᠭᠴᠢ ᠭᠡᠰᠢᠭᠦᠳ ᠤᠨ ᠠᠵᠢᠯ ᠳᠤ | ᠦᠵᠡᠭᠦᠯᠬᠦ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠢ ᠨᠡᠩ | ᠰᠠᠶᠢᠲᠤᠷ ᠪᠠᠳᠠᠷᠠᠭᠤᠯᠬᠤ ᠬᠡᠷᠡᠭᠲᠡᠢ᠃ 3 ᠰᠠᠷ᠎ᠠ ᠶᠢᠨ 21 ᠤ ᠡᠳᠦᠷ᠂ ᠰᠠᠶᠢᠬᠤᠰᠤ ᠪᠠᠯᠭᠠᠰᠤᠨ ᠳᠤ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢᠨ ᠪᠣᠯᠪᠠᠰᠤᠷᠠᠭᠤᠯᠤᠯ ᠤᠨ | ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠬᠤᠷᠠᠯ ᠤᠨ ᠬᠤᠭᠤᠴᠠᠭᠠᠨ ᠳᠠᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠡᠷᠭᠡ ᠴᠢᠬᠤᠯᠠ ᠠᠭᠤᠯᠭ᠎ᠠ ᠶᠢ | ᠤᠯᠠᠮᠵᠢᠯᠠᠨ ᠰᠤᠷᠤᠯᠴᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠤᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠠᠭᠤᠯᠭ᠎ᠠ ᠲᠠᠢ ᠨᠢᠭᠲᠠ ᠤᠶᠠᠯᠳᠤᠭᠤᠯᠵᠤ᠂ ᠳᠥᠭᠦᠮ | ᠣᠶᠢᠯᠠᠭᠠᠮᠵᠢᠲᠠᠶ ᠦᠭᠡ ᠬᠡᠯᠡ ᠪᠠᠷ ᠲᠦᠷᠦ ᠶᠢᠨ ᠪᠤᠳᠤᠯᠭ᠎ᠠ ᠶᠢᠨ ᠬᠢᠯᠠᠰ ᠴᠡᠭ ᠪᠣᠯᠤᠨ ᠢᠷᠡᠭᠡᠳᠦᠢ ᠶᠢᠨ ᠬᠥᠭᠵᠢᠯᠲᠡ ᠶᠢᠨ | ᠴᠢᠭᠯᠡᠯ ᠢ ᠬᠤᠪᠢᠶᠠᠯᠴᠠᠪᠠ᠃ | ᠳᠠᠷᠠᠭ᠎ᠠ ᠳᠤᠨᠢ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠵᠤ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠴᠣ ᠰᠢᠨ᠎ᠡ ᠬᠠᠭᠤᠳᠠᠰᠤ ᠶᠢ | ᠪᠢᠴᠢᠭᠯᠡᠶ᠎ᠡ︾ ᠭᠡᠬᠦ ᠲᠤᠰᠬᠠᠢ ᠰᠡᠳᠦᠪᠲᠦ ᠲᠠᠶᠢᠯᠤᠮᠵᠢ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠ ᠬᠥᠭᠵᠢᠭᠦᠯᠬᠦ᠂ ᠪᠠᠶᠠᠯᠢᠭ ᠠᠭᠤᠯᠤᠭᠳᠠᠬᠤᠨ᠂ ᠴᠢᠬᠤᠯᠠ ᠶᠡᠭᠡ | ᠠᠴᠢ ᠬᠤᠯᠪᠣᠭᠳᠠᠯ ᠪᠠ ᠦᠢᠯᠡᠳᠦᠯᠭᠡ ᠶᠢᠨ ᠠᠷᠭ᠎ᠠ ᠵᠠᠮ ᠵᠡᠷᠭᠡ ᠠᠭᠤᠯᠭ᠎ᠠ ᠶᠢ ᠲᠠᠶᠢᠯᠪᠤᠷᠢᠯᠠᠵᠤ᠂ ᠲᠥᠯᠥᠭᠡᠯᠡᠭᠴᠢ | ᠭᠡᠰᠢᠭᠦᠳ ᠢ ᠬᠦᠳᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠭᠤᠯᠵᠤ᠂ ᠤᠯᠠᠨ ᠢ ᠡᠳᠦᠷ | ᠲᠤᠳᠤᠮ ᠤᠨ ᠠᠮᠢᠳᠤᠷᠠᠯ ᠪᠠ ᠠᠵᠢᠯ ᠤᠨ ᠳᠤᠮᠳᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠡᠶ᠎ᠡ ᠪᠠᠷ ᠢᠶᠠᠨ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ | ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃ | ᠳᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤᠨ ᠤ ᠲᠥᠯᠥᠭᠡᠯᠡᠭᠴᠢ ᠭᠡᠰᠢᠭᠦᠳ ︽ᠨᠢᠭᠡ ᠭᠤᠣᠯ ᠰᠢᠵᠢᠮ ᠢ | ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠠᠷᠠᠳ | ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠬᠠᠤᠯᠢ ᠶᠣᠰᠣᠭᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠰᠠᠶᠢᠬᠤᠰᠤ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |