ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
ᠨᠡᠶᠢᠲᠡᠯᠡᠭᠰᠡᠨ ᠴᠠᠭ᠄
2025/3/30
     ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠳᠣᠷᠣᠭᠰᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠭᠡᠵᠦ ᠲᠣᠪᠴᠢᠯᠠᠨ᠎ᠠ︶ ᠪᠣᠯ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠬᠡᠷᠡᠭ ᠡᠷᠬᠢᠯᠡᠬᠦ ᠪᠠᠶᠢᠭᠤᠯᠤᠮᠵᠢ ᠪᠣᠯᠤᠨ᠎ᠠ᠃ ᠰᠢᠶᠠᠨ ᠤ ᠵᠠᠰᠠᠭ ᠤᠨ ᠣᠷᠳᠣᠨ ᠤ ᠭᠠᠳᠠᠬᠠᠳᠤ ᠶᠠᠪᠤᠳᠠᠯ ᠤᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠨ᠎ᠡ᠃      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠦᠬᠦ ᠰᠢᠶᠠᠨ ᠤ ᠠᠵᠢᠯ ᠤᠨ ᠪᠠᠶᠢᠳᠠᠯ ᠢ ᠣᠶᠢᠯᠠᠭᠠᠵᠤ ᠡᠵᠡᠮᠰᠢᠭᠦᠯᠦᠨ᠎ᠡ᠃ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠰᠢᠶᠠᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠡ ᠶᠢᠨ ᠬᠤᠭᠤᠷᠣᠨᠳᠣᠬᠢ ᠰᠣᠯᠪᠢᠴᠠᠨ ᠬᠠᠮᠲᠤᠷᠠᠨ ᠬᠥᠳᠡᠯᠦᠯᠴᠡᠬᠦ ᠴᠢᠬᠤᠯᠠ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃      ︵ᠬᠤᠶᠠᠷ︶ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠰᠢᠶᠠᠨ ᠤ ᠵᠠᠰᠠᠭ ᠤᠨ ᠣᠷᠳᠣᠨ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠨ ᠪᠢᠴᠢᠬᠦ ᠪᠤᠶᠤ ᠬᠢᠨᠠᠨ ᠬᠠᠷᠭᠤᠭᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃      ︵ᠭᠤᠷᠪᠠ︶ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠢ ᠬᠠᠷᠢᠭᠤᠴᠠᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠤᠨ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠶᠠᠨ ᠤ ᠵᠠᠰᠠᠭ ᠤᠨ ᠣᠷᠳᠣᠨ ᠤ ᠬᠤᠷᠠᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠲᠦᠷᠪᠡ︶ ᠰᠢᠶᠠᠨ ᠤ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃      ︵ᠲᠠᠪᠤ︶ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠢᠶᠠᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯᠡᠰ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠳᠣᠷᠣᠭᠰᠢ ᠪᠠᠭᠤᠯᠭᠠᠨ᠎ᠠ᠃ ᠰᠢᠶᠠᠨ ᠤ ᠵᠠᠰᠠᠭ ᠤᠨ ᠣᠷᠳᠣᠨ ᠪᠣᠯᠤᠨ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠭᠦᠢᠴᠡᠳᠬᠡᠬᠦ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠰᠢᠶᠠᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠤᠴᠢᠷ ᠶᠠᠪᠤᠳᠠᠯ ᠵᠢᠴᠢ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤᠨᠢ ᠮᠡᠳᠡᠭᠦᠯᠦᠨ᠎ᠡ᠃      ︵ᠳᠤᠯᠤᠭ᠎ᠠ︶ ᠰᠢᠶᠠᠨ ᠤ ᠵᠠᠰᠠᠭ ᠤᠨ ᠣᠷᠳᠣᠨ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ᠂ ᠬᠡᠯᠡᠯᠴᠡᠭᠡᠷ ᠭᠡᠷ᠎ᠡ ᠵᠡᠷᠭᠡ ᠪᠢᠴᠢᠭ ᠮᠠᠲ᠋ᠧᠷᠢᠶᠠᠯ ᠤᠨ ᠬᠠᠤᠯᠢ ᠴᠠᠭᠠᠵᠠ ᠶᠢ ᠬᠢᠨᠠᠨ ᠪᠠᠶᠢᠴᠠᠭᠠᠬᠤ ᠠᠵᠢᠯ ᠵᠢᠴᠢ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠲᠠᠯ᠎ᠠ ᠶᠢᠨ ᠠᠵᠢᠯ ᠢ ᠬᠠᠷᠢᠭᠤᠴᠠᠨ᠎ᠠ᠃      ︵ᠨᠠᠢᠮᠠ︶ ᠬᠠᠷᠢᠭᠤᠴᠠᠯᠭ᠎ᠠ ᠶᠢᠨ ᠳᠦᠷᠢᠮ ᠰᠢᠶᠠᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠰᠢᠶᠠᠨ ᠤ ᠵᠠᠰᠠᠭ ᠤᠨ ᠣᠷᠳᠣᠨ ᠤ ᠨᠡᠷ᠎ᠡ ᠪᠠᠷ ᠡᠷᠬᠢᠯᠡᠭᠰᠡᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠡᠷᠬᠢᠯᠡᠬᠦ ᠬᠡᠷᠡᠭᠲᠡᠶ᠃      ︵ᠶᠢᠰᠦ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃      ︵ᠠᠷᠪᠠ︶ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ︵ᠠᠷᠪᠠᠨ ᠨᠢᠭᠡ︶ ᠰᠢᠶᠠᠨ ᠤ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠰᠢᠶᠠᠨ ᠤ ᠵᠠᠰᠠᠭ ᠤᠨ ᠣᠷᠳᠣᠨ ᠤ ᠵᠢᠵᠢᠭᠦᠷᠯᠡᠬᠦ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃      ︵ᠠᠷᠪᠠᠨ ᠭᠤᠷᠪᠠ︶ ᠬᠤᠲᠠ᠂ ᠰᠢᠶᠠᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠭᠤᠯᠭ᠎ᠠ᠂ ᠰᠠᠨᠠᠯ᠂ ᠰᠠᠨᠠᠯ ᠳᠤᠷᠠᠳᠤᠯᠭ᠎ᠠ ᠪᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠲᠤᠰᠬᠠᠶ ᠰᠢᠪᠠᠳᠠᠨ ᠰᠢᠢᠳᠪᠦᠷᠢᠯᠡᠭᠦᠯᠬᠦ ᠪᠢᠴᠢᠭ ᠮᠠᠲ᠋ᠧᠷᠢᠶᠠᠯ ᠢ ᠬᠠᠷᠢᠭᠤᠴᠠᠨ ᠵᠣᠬᠢᠶᠠᠨ ᠪᠠᠶᠢᠭᠤᠯᠵᠤ ᠰᠢᠢᠳᠪᠦᠷᠢᠯᠡᠨ᠎ᠡ᠃      ︵ᠠᠷᠪᠠᠨ ᠳᠥᠷᠪᠡᠳᠦᠭᠡᠷ︶ ᠭᠠᠳᠠᠭᠠᠳᠤ ᠶᠠᠪᠤᠳᠠᠯ ᠤᠨ ᠠᠵᠢᠯ ᠢ ᠬᠠᠷᠢᠭᠤᠴᠠᠨ ᠭᠦᠢᠴᠡᠳᠬᠡᠨ᠎ᠡ︔ ᠭᠠᠳᠠᠭᠠᠳᠤ ᠶᠢᠨ ᠵᠣᠴᠢᠨ᠂ ᠳᠤᠮᠳᠠᠳᠤ ᠶᠢᠨ ᠬᠠᠷᠢᠶᠠᠲᠤ᠂ ᠰᠢᠶᠠᠩᠭᠠᠩ ᠣᠣᠮᠧᠨ ᠤ ᠠᠬ᠎ᠠ ᠳᠡᠭᠦᠦ ᠨᠠᠷ᠂ ᠭᠠᠳᠠᠭᠠᠳᠤ ᠶᠢᠨ ᠬᠠᠷᠢᠶᠠᠲᠤ ᠳᠤᠮᠳᠠᠳᠤᠴᠤᠳ ᠢ ᠵᠣᠬᠢᠶᠠᠨ ᠪᠠᠶᠢᠭᠤᠯᠤᠨ ᠮᠠᠨ ᠤ ᠰᠢᠶᠠᠨ ᠳᠤ ᠢᠷᠡᠵᠦ ᠲᠥᠷᠥᠯ ᠰᠠᠳᠤᠨ ᠢᠶᠠᠨ ᠡᠷᠭᠢᠵᠦ ᠦᠵᠡᠬᠦ᠂ ᠠᠵᠢᠯ ᠤᠨ ᠠᠶᠢᠯᠴᠢᠯᠠᠨ ᠰᠤᠷᠪᠤᠯᠵᠢᠯᠠᠬᠤ ᠠᠵᠢᠯᠯᠠᠭ᠎ᠠ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ︔ ᠤᠯᠤᠰ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠶᠢᠭᠤᠯᠭ᠎ᠠ ᠲᠠᠢ ᠬᠠᠮᠵᠢᠯᠴᠠᠨ ᠭᠠᠳᠠᠭᠠᠳᠤ ᠳᠤ ᠬᠤᠯᠪᠣᠭᠳᠠᠬᠤ ᠠᠮᠤᠷ ᠲᠦᠪᠰᠢᠨ ᠤ ᠠᠵᠢᠯ ᠢ ᠥᠷᠨᠢᠭᠦᠯᠦᠨ᠎ᠡ᠃      ︵ᠠᠷᠪᠠᠨ ᠲᠠᠪᠤ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠳᠣᠲᠣᠭᠠᠳᠤ ᠶᠢᠨ ᠪᠠᠶᠢᠭᠤᠯᠤᠮᠵᠢ᠄      ︵ᠨᠢᠭᠡ︶ ᠶᠡᠷᠦᠩᠬᠡᠶᠢᠯᠡᠭᠰᠡᠨ ᠰᠲ᠋ᠣᠺ᠃ ᠰᠢᠶᠠᠨ ᠤ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠳ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠤᠨ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠳ ᠤᠨ ᠡᠯ᠎ᠡ ᠲᠥᠷᠥᠯ ᠤᠨ ᠡᠬᠡ ᠪᠢᠴᠢᠭ ᠢ ᠲᠤᠭᠤᠷᠪᠢᠬᠤ ᠶᠢ ᠬᠠᠷᠢᠭᠤᠴᠠᠨ᠎ᠠ︔ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠴᠢᠬᠤᠯᠠ ᠠᠵᠢᠯ ᠤᠨ ᠠᠬᠢᠴᠠ ᠶᠢᠨ ᠪᠠᠶᠢᠳᠠᠯ ᠢ ᠶᠡᠷᠦᠩᠬᠡᠶᠢᠯᠡᠨ ᠮᠡᠳᠡᠭᠦᠯᠵᠦ᠂ ᠬᠠᠮᠢᠶ᠎ᠠ ᠪᠦᠬᠦᠢ ᠪᠠᠶᠢᠴᠠᠭᠠᠨ ᠰᠢᠮᠳᠠᠭᠤᠯᠤᠨ ᠪᠠᠶᠢᠴᠠᠭᠠᠵᠤ ᠰᠤᠳᠤᠯᠬᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠠᠵᠢᠯ ᠢ ᠥᠷᠨᠢᠭᠦᠯᠦᠨ᠎ᠡ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃            ︵ᠬᠤᠶᠠᠷ︶ ᠨᠠᠷᠢᠨ ᠪᠢᠴᠢᠭ ᠤᠨ ᠲᠠᠰᠤᠭ᠃ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠬᠤᠷᠢᠶᠠᠨ ᠲᠠᠷᠬᠠᠭᠠᠬᠤ ᠠᠵᠢᠯᠯᠠᠭᠠᠨ᠂ ᠪᠢᠴᠢᠭ ᠮᠠᠲ᠋ᠧᠷᠢᠶᠠᠯ ᠤᠨ ᠵᠠᠭᠪᠤᠷ ᠬᠢᠨᠠᠨ ᠬᠠᠷᠭᠤᠭᠤᠯᠬᠤ᠂ ᠲᠠᠮᠠᠭ᠎ᠠ ᠶᠢᠨ ᠬᠠᠮᠢᠶᠠᠷᠤᠯᠲᠠ ᠶᠢᠨ ᠬᠠᠮᠢᠶᠠᠷᠤᠯᠲᠠ᠂ ᠪᠢᠴᠢᠭ ᠬᠠᠷ᠎ᠠ ᠳᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ︔ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ ᠶᠢᠨ ᠲᠤᠰᠢᠶᠠᠭᠰᠠᠨ ᠬᠤᠯᠪᠣᠭᠳᠠᠯ ᠪᠦᠬᠦᠢ ᠤᠴᠢᠷ ᠶᠠᠪᠤᠳᠠᠯ ᠢ ᠭᠦᠢᠴᠡᠳᠬᠡᠨ᠎ᠡ᠃ ᠪᠦᠬᠦ ᠰᠢᠶᠠᠨ ᠤ ᠲᠣᠮᠣ ᠬᠡᠯᠪᠡᠷᠢ ᠶᠢᠨ ᠠᠵᠢᠯᠯᠠᠭ᠎ᠠ᠂ ᠴᠢᠬᠤᠯᠠ ᠭᠥᠯᠢᠶᠡᠨ ᠠᠪᠬᠤ ᠲᠥᠰᠦᠪᠯᠡᠬᠦ᠂ ᠶᠡᠷᠦᠩᠬᠡᠶᠢᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ ᠬᠤᠷᠠᠯ ᠤᠨ ᠶᠠᠪᠤᠳᠠᠯ ᠵᠠᠰᠠᠭ ᠤᠨ ᠶᠠᠪᠤᠳᠠᠯ ᠤᠨ ᠬᠦᠯᠢᠶᠡᠨ ᠠᠪᠬᠤ ᠲᠠᠯ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      ︵ᠭᠤᠷᠪᠠ︶ ᠵᠠᠰᠠᠭ ᠤᠨ ᠶᠠᠪᠤᠳᠠᠯ ᠤᠨ ᠲᠠᠰᠤᠭ᠃ ᠶᠡᠷᠦᠩᠬᠡᠶᠢᠯᠡᠭᠰᠡᠨ ᠠᠵᠤ ᠠᠬᠤᠶ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠷᠠᠳ ᠤᠨ ᠠᠮᠢᠳᠤᠷᠠᠯ ᠪᠣᠯᠤᠨ ᠨᠡᠶᠢᠭᠡᠮ ᠤᠨ ᠪᠠᠲᠤᠯᠠᠭ᠎ᠠ ᠵᠢᠴᠢ ᠵᠠᠰᠠᠭ ᠤᠨ ᠣᠷᠳᠣᠨ ᠤ ᠪᠠᠶᠢᠩᠭᠤ ᠶᠢᠨ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠭᠦᠢᠴᠡᠳᠭᠡᠨ᠎ᠡ︔ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ᠂ ᠲᠥᠪ ᠤᠨ ᠰᠢᠭᠤᠳ ᠬᠠᠷᠢᠶ᠎ᠠ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠭᠦᠢᠴᠡᠳᠭᠡᠨ᠎ᠡ︔ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠪᠠᠶᠢᠭᠠᠯᠢ ᠶᠢᠨ ᠡᠬᠢ ᠪᠠᠶᠠᠯᠢᠭ᠂ ᠵᠠᠮ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠭᠦᠢᠴᠡᠳᠭᠡᠨ᠎ᠡ︔ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠭᠦᠢᠴᠡᠳᠭᠡᠨ᠎ᠡ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ᠂ ᠵᠢᠭᠤᠯᠴᠢᠯᠠᠯ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠭᠦᠢᠴᠡᠳᠭᠡᠨ᠎ᠡ︔ ᠪᠢᠴᠢᠭ ᠮᠠᠲ᠋ᠧᠷᠢᠶᠠᠯ ᠲᠤᠭᠤᠷᠪᠢᠬᠤ᠂ ᠬᠤᠷᠠᠯ ᠤᠨ ᠶᠠᠪᠤᠳᠠᠯ ᠵᠢᠴᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃      ︵ᠳᠥᠷᠪᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠰᠲ᠋ᠣᠺ᠃ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠤᠭᠤᠷᠪᠢᠬᠤ᠂ ᠬᠤᠷᠠᠯ ᠤᠨ ᠶᠠᠪᠤᠳᠠᠯ ᠵᠡᠷᠭᠡ ᠠᠵᠢᠯ ᠢ ᠡᠭᠦᠷᠭᠡᠯᠡᠨ᠎ᠡ︔ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠤᠬᠠᠭᠤᠯᠭ᠎ᠠ᠂ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠬᠦ ᠪᠠ ᠪᠠᠶᠢᠴᠠᠭᠠᠨ ᠰᠤᠳᠤᠯᠬᠤ ᠠᠵᠢᠯ ᠢ ᠬᠠᠷᠢᠭᠤᠴᠠᠨ᠎ᠠ︔ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠣᠳᠠᠲᠠᠶ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠬᠠᠷᠢᠭᠤᠴᠠᠨ ᠵᠢᠯᠣᠭᠤᠳᠴᠤ᠂ ᠬᠤᠯᠪᠣᠭᠳᠠᠯ ᠪᠦᠬᠦᠢ ᠠᠬᠢᠴᠠ ᠶᠢᠨ ᠪᠠᠶᠢᠳᠠᠯ ᠢ ᠮᠡᠳᠡᠭᠦᠯᠦᠨ ᠬᠦᠷᠭᠡᠬᠦ ᠬᠡᠷᠡᠭᠲᠡᠶ︔ ᠰᠢᠶᠠᠨ ᠤ ᠵᠠᠰᠠᠭ ᠤᠨ ᠣᠷᠳᠣᠨ ᠤ ᠰᠦᠯᠵᠢᠶ᠎ᠡ ︵ᠮᠣᠩᠭᠤᠯ ᠰᠦᠯᠵᠢᠶᠡᠨ ᠥᠷᠲᠡᠭᠡ ᠪᠠᠭᠲᠠᠨ᠎ᠠ︔︶ ᠪᠠᠶᠢᠭᠤᠯᠬᠤ ᠪᠠ ᠬᠠᠮᠢᠶᠠᠷᠤᠨ᠎ᠠ︔ ᠰᠢᠶᠠᠨ ᠤ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠵᠢᠴᠢ ᠠᠷᠠᠳ ᠤᠨ ᠰᠦᠯᠵᠢᠶ᠎ᠡ ᠵᠡᠷᠭᠡ ᠠᠵᠢᠯ ᠢ ᠬᠠᠷᠢᠭᠤᠴᠠᠨ ᠭᠦᠢᠴᠡᠳᠬᠡᠨ᠎ᠡ᠃      ︵ᠲᠠᠪᠤ︶ ᠵᠠᠰᠠᠭ ᠵᠠᠬᠢᠷᠭᠠᠨ ᠤ ᠲᠠᠰᠤᠭ᠃ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ ᠵᠦᠢᠯ ᠤᠨ ᠵᠠᠷᠤᠳᠠᠯ ᠤᠨ ᠲᠥᠰᠦᠪ᠂ ᠵᠠᠷᠤᠯᠭ᠎ᠠ᠂ ᠲᠣᠬᠢᠷᠠᠭᠤᠯᠤᠯᠲᠠ ᠶᠢ ᠬᠠᠷᠢᠭᠤᠴᠠᠵᠤ᠂ ᠪᠠᠶᠢᠭᠤᠯᠭ᠎ᠠ ᠶᠢᠨ ᠲᠣᠭᠲᠠᠮᠠᠯ ᠬᠥᠷᠥᠩᠭᠡ᠂ ᠠᠯᠪᠠᠨ ᠬᠡᠷᠡᠭᠰᠡᠯ ᠵᠢᠴᠢ ᠪᠤᠰᠤᠳ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ᠂ ᠲᠣᠬᠢᠷᠠᠭᠤᠯᠤᠯᠲᠠ ᠪᠠ ᠬᠤᠪᠢᠶᠠᠷᠢᠯᠠᠯᠲᠠ ᠶᠢ ᠬᠠᠷᠢᠭᠤᠴᠠᠨ᠎ᠠ︔ ᠡᠯ᠎ᠡ ᠤᠳᠤᠷᠢᠳᠤᠯᠭ᠎ᠠ ᠶᠢᠨ ᠲᠡᠷᠭᠡ ᠬᠥᠰᠬᠡ ᠶᠢ ᠬᠠᠪᠰᠤᠷᠤᠨ ᠲᠣᠬᠢᠷᠠᠭᠤᠯᠤᠨ᠎ᠠ︔ ᠠᠯᠪᠠᠨ ᠭᠡᠷ ᠤᠨ ᠠᠵᠢᠯᠲᠠᠨ ᠤ ᠶᠠᠪᠤᠳᠠᠯ᠂ ᠴᠠᠯᠢᠩ᠂ ᠰᠤᠷᠭᠠᠨ ᠬᠥᠮᠦᠵᠢᠯ ᠵᠡᠷᠭᠡ ᠠᠵᠢᠯ ᠢ ᠬᠠᠷᠢᠭᠤᠴᠠᠨ᠎ᠠ︔ ᠵᠠᠰᠠᠭ ᠤᠨ ᠣᠷᠳᠣᠨ ᠵᠢᠴᠢ ᠠᠯᠪᠠᠨ ᠭᠡᠷ ᠤᠨ ᠣᠨ ᠤ ᠬᠢᠨᠠᠨ ᠰᠢᠯᠭᠠᠯᠲᠠ ᠪᠠ ᠤᠯᠤᠰ ᠲᠥᠷᠥ ᠶᠢᠨ ᠠᠵᠢᠯ ᠤᠨ ᠲᠠᠯ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠬᠤ ᠶᠢᠨ ᠬᠠᠮᠲᠤ ᠵᠠᠰᠠᠭ ᠤᠨ ᠣᠷᠳᠣᠨ ᠤ ᠠᠯᠪᠠᠨ ᠭᠡᠷ ᠤᠨ ᠵᠢᠵᠢᠭᠦᠷᠯᠡᠬᠦ ᠲᠣᠬᠢᠷᠠᠭᠤᠯᠤᠯᠲᠠ ᠶᠢ ᠰᠠᠶᠢᠲᠤᠷ ᠬᠢᠨ᠎ᠡ᠃      ᠪᠠᠶᠢᠭᠤᠯᠭ᠎ᠠ ᠶᠢᠨ ᠨᠠᠮ ᠤᠨ ᠡᠭᠦᠷ᠄ ᠪᠠᠶᠢᠭᠤᠯᠭ᠎ᠠ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃      ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠵᠠᠬᠢᠷᠭᠠᠨ ᠤ ᠣᠷᠣᠨ ᠲᠤᠭ᠎ᠠ 18 ᠬᠥᠮᠦᠨ᠃ ᠡᠷᠬᠢᠯᠡᠭᠴᠢ 1 ᠬᠥᠮᠥᠨ᠂ ᠳᠡᠳ᠋ ᠡᠷᠬᠢᠯᠡᠭᠴᠢ 5 ᠬᠥᠮᠥᠨ᠂ ᠲᠠᠰᠤᠭ ᠤᠨ ᠳᠡᠰ ᠤᠨ ᠲᠤᠰᠢᠶᠠᠯ ᠤᠨ ᠲᠤᠭ᠎ᠠ 5 ᠬᠥᠮᠥᠨ ᠢ ᠲᠣᠬᠢᠷᠠᠭᠤᠯᠪᠠ᠃      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00      ᠬᠠᠶ᠋ᠢᠭ᠄ ᠥᠪᠥᠷ ᠮᠣᠩᠭᠤᠯ ᠤᠨ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠠᠷᠤ ᠠᠰᠠᠷ ᠤᠨ ᠬᠤᠶᠠᠳᠤᠭᠠᠷ ᠳᠠᠪᠬᠤᠷᠯᠢᠭ      ᠬᠠᠷᠢᠯᠴᠠᠬᠤ ᠤᠲᠠᠰᠤ᠄ 0474 - 7212174      ᠢᠮᠧᠯ᠄ xhzz@163.com      ᠬᠠᠷᠢᠭᠤᠴᠠᠯᠭ᠎ᠠ ᠡᠭᠦᠷᠭᠡᠯᠡᠭᠴᠢ᠄ ᠯᠢ ᡁᠢ ᠪᠢᠨ        
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3