ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠰᠢᠶᠠᠨ ᠤ ᠵᠠᠰᠠᠭ ᠤᠨ | ᠣᠷᠳᠣᠨ ᠤ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠬᠤ ᠡᠭᠦᠷᠭᠡ ᠴᠢᠳᠠᠪᠤᠷᠢ ᠶᠢᠨ ᠪᠦᠷᠢᠯᠳᠦᠬᠦᠨ ᠰᠠᠯᠠᠭ᠎ᠠ | ᠮᠥᠴᠢᠷ ᠪᠣᠯᠤᠨ᠎ᠠ᠂ 2019 ᠣᠨ ᠤ 4 ᠰᠠᠷ᠎ᠠ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠭᠡᠵᠦ ᠬᠠᠯᠠᠪᠠ᠃ ᠰᠢᠩ ᠾᠧ ᠰᠢᠶᠠᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠪᠣᠯ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ ᠪᠣᠯᠤᠨ᠎ᠠ᠃ | ᠰᠢᠩ ᠾᠧ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ | ᠭᠡᠷ ᠢ ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠪᠠᠶᠢᠭᠤᠯᠵᠤ᠂ ᠰᠢᠶᠠᠨ ᠤ | ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠪᠣᠳᠠᠲᠠᠶ ᠠᠵᠢᠯ ᠢ ᠡᠭᠦᠷᠭᠡᠯᠡᠵᠦ᠂ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ | ᠲᠠᠯ᠎ᠠ ᠶᠢᠨ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠲᠣᠭᠲᠠᠭᠠᠭᠰᠠᠨ | ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠵᠣᠬᠢᠴᠠᠭᠤᠯᠤᠨ ᠱᠠᠯᠠᠪᠳᠠᠭᠤᠯᠤᠨ | ᠭᠦᠢᠴᠡᠳᠬᠡᠨ᠎ᠡ᠃ | ᠭᠤᠣᠯ ᠡᠭᠦᠷᠭᠡ ᠬᠠᠷᠢᠭᠤᠴᠠᠯᠭ᠎ᠠ᠄ | 1. ᠪᠥᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠬᠠᠶ | ᠪᠠᠶᠢᠯᠳᠤᠬᠤ ᠪᠣᠳᠣᠯᠭ᠎ᠠ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ | ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ | ᠣᠷᠳᠣ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ | ᠵᠣᠬᠢᠴᠠᠭᠤᠯᠵᠤ᠂ ᠪᠦᠬᠦ ᠰᠢᠶᠠᠨ ᠤ ᠠᠵᠤ ᠠᠬᠤᠶ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠰᠢᠶᠠᠨ ᠤ ᠤᠯᠤᠰ | ᠠᠷᠠᠳ ᠤᠨ ᠠᠵᠤ ᠠᠬᠤᠶ ᠶᠢᠨ ᠬᠥᠭᠵᠢᠯᠲᠡ᠂ ᠦᠨ᠎ᠡ ᠬᠠᠩᠰᠢ ᠶᠢᠨ ᠶᠡᠷᠦᠩᠬᠡᠶ ᠬᠢᠷᠢ ᠬᠡᠮᠵᠢᠶ᠎ᠡ ᠶᠢᠨ ᠲᠣᠬᠢᠷᠠᠭᠤᠯᠭ᠎ᠠ | ᠪᠠ ᠴᠢᠬᠤᠯᠠ ᠶᠡᠭᠡ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ ᠲᠥᠷᠥ ᠶᠢᠨ ᠪᠣᠳᠣᠯᠭ᠎ᠠ ᠶᠢ | ᠳᠤᠷᠠᠳᠤᠨ ᠭᠠᠷᠭᠠᠨ᠎ᠠ︔ ᠡᠯ᠎ᠡ ᠵᠦᠢᠯ ᠤᠨ ᠠᠵᠤ ᠠᠬᠤᠶ ᠶᠢᠨ ᠠᠷᠭ᠎ᠠ ᠪᠠᠷᠢᠯ ᠪᠠ ᠲᠦᠷᠦ ᠶᠢᠨ ᠪᠤᠳᠤᠯᠭ᠎ᠠ ᠶᠢ | ᠶᠡᠷᠦᠩᠬᠡᠶᠢᠯᠡᠨ ᠬᠡᠷᠡᠭᠯᠡᠬᠦ ᠰᠠᠨᠠᠭᠤᠯᠭ᠎ᠠ ᠶᠢ ᠳᠤᠷᠠᠳᠤᠨ᠎ᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ ᠶᠢ ᠲᠤᠰᠢᠶᠠᠨ᠎ᠠ᠃ | 2. ᠬᠤᠷᠸ᠎ᠠ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ ᠶᠢ | ᠬᠠᠷᠢᠭᠤᠴᠠᠵᠤ᠂ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠬᠤᠷᠸ᠎ᠠ ᠠᠵᠤ ᠠᠬᠤᠢ ᠶᠢᠨ ᠠᠵᠢᠯᠯᠠᠭᠠᠨ᠂ ᠶᠡᠷᠦᠩᠬᠡᠢ | ᠬᠡᠮᠵᠢᠶᠡᠨ ᠤ ᠲᠡᠩᠴᠡᠭᠦᠷᠢ᠂ ᠠᠵᠤ ᠠᠬᠤᠢ ᠶᠢᠨ ᠠᠮᠤᠷ ᠲᠦᠪᠰᠢᠨ ᠪᠣᠯᠤᠨ ᠶᠡᠷᠦᠩᠬᠡᠢ ᠠᠵᠤ ᠦᠢᠯᠡᠰ ᠤᠨ ᠠᠮᠤᠷ | ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠵᠤ᠂ ᠠᠶᠤᠯᠭᠦᠢ ᠦᠢᠯᠡᠳᠪᠦᠷᠢᠯᠡᠯ ᠤᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠶᠢᠨ ᠬᠠᠮᠲᠤ ᠬᠤᠷᠸ᠎ᠠ ᠲᠤᠬᠢᠷᠠᠭᠤᠯᠭ᠎ᠠ ᠡᠵᠡᠮᠰᠢᠯ ᠤᠨ ᠲᠦᠷᠦ ᠶᠢᠨ ᠪᠤᠳᠤᠯᠭ᠎ᠠ ᠶᠢᠨ | ᠰᠠᠨᠠᠭᠤᠯᠭ᠎ᠠ ᠳᠤᠷᠠᠳᠤᠨ᠎ᠠ︔ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠭᠤᠯᠤᠨ᠎ᠠ᠃ ᠴᠢᠬᠤᠯᠠ ᠡᠳ᠋ ᠪᠣᠳᠠᠰ ᠢ ᠪᠠᠴᠢᠮ ᠲᠤᠬᠢᠷᠠᠭᠤᠯᠬᠤ ᠪᠠ | ᠵᠠᠮ ᠲᠡᠭᠡᠭᠡᠪᠦᠷᠢ ᠶᠢᠨ ᠵᠣᠬᠢᠴᠠᠭᠤᠯᠤᠯᠲᠠ ᠶᠢ ᠵᠣᠬᠢᠶᠠᠨ ᠪᠠᠶᠢᠭᠤᠯᠵᠤ᠃ | 3᠂ ᠪᠦᠬᠦ ᠰᠢᠶᠠᠨ ᠤ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠪᠠᠶᠢᠳᠠᠯ ᠢ | ᠬᠤᠷᠢᠶᠠᠩᠭᠤᠶᠢᠯᠠᠨ ᠵᠠᠳᠠᠯᠬᠤ ᠶᠢ ᠬᠠᠷᠢᠭᠤᠴᠠᠨ᠎ᠠ᠃ ᠪᠦᠬᠦ ᠰᠢᠶᠠᠨ ᠤ ᠡᠳ᠋ ᠤᠨ ᠵᠠᠰᠠᠭ᠂ ᠮᠥᠩᠭᠦᠨ ᠭᠦᠢᠯᠭᠡᠭᠡ᠂ | ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ᠂ ᠮᠥᠩᠭᠦᠨ | ᠭᠦᠢᠯᠭᠡᠭᠡ᠂ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠶᠡᠷᠦᠩᠬᠡᠶᠢᠯᠡᠨ | ᠵᠠᠳᠠᠯᠤᠨ᠎ᠠ᠃ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠪᠦᠬᠦ | ᠰᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ | ᠬᠠᠷᠢᠭᠤᠴᠠᠨ᠎ᠠ᠃ | 4᠂ ᠤᠯᠤᠰ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠰᠢᠩ ᠾᠧ ᠰᠢᠶᠠᠨ ᠤ ᠦᠨ᠎ᠡ ᠬᠠᠩᠰᠢ ᠶᠢᠨ | ᠲᠣᠬᠢᠷᠠᠭᠤᠯᠤᠯ ᠡᠵᠡᠮᠳᠡᠯ ᠤᠨ ᠬᠠᠷᠠᠯᠲᠠ ᠶᠢ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ | ᠬᠤᠲᠠ ᠶᠢᠨ ᠨᠠᠶᠢᠳᠠᠭᠰᠠᠨ ᠰᠢᠶᠠᠨ ᠤ ᠨᠠᠮ ᠤᠨ ᠬᠤᠷᠢᠶᠠᠨ ᠤ ᠬᠠᠮᠢᠶᠠᠷᠴᠤ ᠪᠠᠶᠢᠭ᠎ᠠ ᠲᠠᠸᠠᠷ ᠤᠨ ᠦᠢᠯᠡᠴᠢᠯᠡᠭᠡ ᠪᠠ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ | 5. ᠪᠦᠬᠦ ᠰᠢᠶᠠᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ | ᠵᠣᠬᠢᠴᠠᠭᠤᠯᠤᠨ ᠠᠬᠢᠭᠤᠯᠤᠨ᠎ᠠ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠶᠡᠷᠦᠩᠬᠡᠶᠢᠯᠡᠨ | ᠵᠣᠬᠢᠴᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠲᠤᠰᠬᠠᠶ ᠵᠦᠢᠯ ᠤᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠣᠯᠭᠠᠭᠤᠯᠬᠤ ᠠᠵᠢᠯ ᠢ | ᠰᠠᠶᠢᠲᠤᠷ ᠬᠢᠬᠦ ᠬᠡᠷᠡᠭᠲᠡᠶ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠪᠠ | ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠠᠵᠢᠯ ᠢ ᠵᠢᠯᠣᠭᠤᠳᠤᠨ᠎ᠠ᠃ | 6 . ᠪᠦᠬᠦ ᠰᠢᠶᠠᠨ ᠤ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ | ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠠ ᠪᠡᠯᠡ | ᠣᠷᠣᠭᠤᠯᠤᠯᠲᠠ ᠶᠢᠨ ᠪᠦᠲᠦᠴᠡ ᠶᠢᠨ ᠲᠣᠬᠢᠷᠠᠭᠤᠯᠤᠯ ᠡᠵᠡᠮᠳᠡᠯ ᠤᠨ ᠬᠠᠷᠠᠯᠲᠠ᠂ ᠲᠥᠷᠥ ᠶᠢᠨ ᠪᠣᠳᠣᠯᠭ᠎ᠠ ᠵᠢᠴᠢ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠴᠢᠬᠤᠯᠠ | ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠬᠤ ᠲᠤᠰᠬᠠᠶ ᠲᠥᠯᠥᠪᠵᠢᠭᠦᠯᠭᠡ ᠶᠢ | ᠵᠣᠯᠭᠠᠭᠤᠯᠤᠨ ᠲᠡᠩᠴᠡᠭᠦᠯᠬᠦ ᠶᠢ ᠬᠠᠷᠢᠭᠤᠴᠠᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠠᠴᠠ | ᠬᠢᠨᠠᠨ ᠵᠥᠪᠰᠢᠶᠡᠷᠡᠬᠦ ︵ᠬᠠᠷᠭᠤᠭᠤᠯᠤᠨ ᠵᠥᠪᠰᠢᠶᠡᠷᠡᠬᠦ︶ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠦᠨ᠎ᠡ︔ ᠤᠯᠤᠰ᠂ ᠥᠪᠡᠷᠲᠡᠭᠡᠨ ᠵᠠᠰᠠᠬᠤ ᠣᠷᠣᠨ | ᠪᠠ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠢᠨᠠᠨ | ᠬᠠᠷᠭᠤᠭᠤᠯᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠭᠠᠳᠠᠭᠠᠳᠤ ᠳᠤ | ᠬᠤᠯᠪᠣᠭᠳᠠᠬᠤ ᠲᠥᠷᠥᠯ ᠵᠦᠢᠯ ᠪᠠ ᠭᠤᠪᠢᠭᠤᠯᠭ᠎ᠠ ᠬᠡᠷᠡᠭᠯᠡᠬᠦ ᠶᠡᠭᠡ ᠲᠤᠭ᠎ᠠ ᠪᠠᠷ ᠪᠡᠯᠡ ᠣᠷᠣᠭᠤᠯᠬᠤ ᠲᠥᠷᠥᠯ | ᠵᠦᠢᠯ ᠢ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠤᠨ᠎ᠠ᠃ | 8 . ᠪᠥᠬᠦ ᠰᠢᠶᠠᠨ ᠤ ᠡᠨᠧᠷᠭᠢ ᠶᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠪᠠ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ ᠶᠢ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | 9 . ᠪᠥᠬᠦ ᠰᠢᠶᠠᠨ ᠤ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠰᠢᠨ᠎ᠡ ᠡᠨᠧᠷᠭᠢ ᠪᠣᠯᠤᠨ | ᠳᠠᠬᠢᠨ ᠡᠭᠦᠰᠴᠦ ᠪᠣᠯᠬᠤ ᠡᠨᠧᠷᠭᠢ ᠶᠢᠨ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ ᠶᠢᠨ ᠭᠤᠶᠤᠴᠢᠯᠠᠨ ᠮᠡᠳᠡᠭᠦᠯᠬᠦ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠡᠨᠧᠷᠭᠢ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠪᠣᠯᠤᠨ | ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠵᠣᠯᠭᠠᠭᠤᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ | ᠨᠡᠭᠡᠭᠡᠯᠲᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠴᠥᠮ᠎ᠡ ᠶᠢᠨ ᠴᠠᠬᠢᠯᠭᠠᠨ ᠤ ᠬᠠᠮᠢᠶ᠎ᠠ ᠪᠦᠬᠦᠢ | ᠠᠵᠢᠯ ᠳᠤ ᠬᠠᠮᠵᠢᠯᠴᠠᠨ᠎ᠠ᠃ | 10 . ᠤᠯᠤᠰ ᠤᠨ ᠴᠢᠯᠠᠭᠤᠨ ᠲᠣᠰᠣ ᠨᠥᠭᠡᠴᠡᠯᠡᠬᠦ ᠲᠥᠯᠥᠪᠵᠢᠭᠦᠯᠭᠡ᠂ ᠲᠥᠯᠥᠪᠯᠡᠭᠡ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ︔ ᠰᠢᠶᠠᠨ ᠤ ᠳᠣᠲᠣᠷ᠎ᠠ ᠭᠠᠳᠠᠨᠠᠬᠢ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠡᠵᠡᠮᠰᠢᠵᠦ᠂ ᠰᠢᠶᠠᠨ ᠤ ᠳᠣᠲᠣᠷᠠᠬᠢ ᠴᠢᠯᠠᠭᠤᠨ ᠲᠣᠰᠣᠨ ᠤ | ᠨᠥᠭᠡᠴᠡ ᠶᠢᠨ ᠪᠠᠷᠠᠭ᠎ᠠ ᠵᠠᠬᠢᠶᠠᠯᠠᠬᠤ᠂ ᠡᠭᠡᠯᠵᠢᠯᠡᠭᠦᠯᠬᠦ ᠪᠠ ᠬᠥᠳᠡᠯᠭᠡᠨ ᠬᠡᠷᠡᠭᠯᠡᠬᠦ ᠰᠠᠨᠠᠭᠤᠯᠭ᠎ᠠ ᠶᠢ ᠳᠤᠷᠠᠳᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠢᠯᠠᠭᠤᠨ ᠲᠣᠰᠣ ᠨᠥᠭᠡᠴᠡᠯᠡᠬᠦ ᠪᠡᠯᠡᠳᠬᠡᠮᠵᠢ ᠶᠢᠨ ᠲᠥᠷᠥᠯ | ᠵᠦᠢᠯ ᠢ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠵᠤ᠂ | ᠬᠤᠳᠠᠯᠳᠤᠭᠠᠨ ᠤ ᠴᠢᠯᠠᠭᠤᠨ ᠲᠣᠰᠣᠨ ᠤ ᠨᠥᠭᠡᠴᠡ ᠶᠢ ᠬᠢᠨᠠᠨ ᠬᠠᠮᠢᠶᠠᠷᠤᠨ᠎ᠠ᠃ | 11. ᠪᠥᠬᠦ ᠰᠢᠶᠠᠨ ᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠪᠥᠬᠦ ᠰᠢᠶᠠᠨ ᠤ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠶᠠᠪᠤᠴᠠ ᠶᠢ ᠬᠠᠷᠢᠭᠤᠴᠠᠵᠤ᠂ ᠮᠡᠳᠡᠭᠡ ᠵᠠᠩᠭᠢ ᠶᠢ ᠴᠤᠭᠯᠠᠭᠤᠯᠤᠨ ᠳᠡᠭᠡᠭᠰᠢ ᠮᠡᠳᠡᠭᠦᠯᠬᠦ᠂ | ᠡᠮᠦᠨᠡᠬᠢ ᠬᠤᠭᠤᠴᠠᠭᠠᠨ ᠤ ᠰᠢᠨᠵᠢᠯᠡᠨ ᠪᠠᠶᠢᠴᠠᠭᠠᠬᠤ᠂ ᠲᠥᠷᠥᠯ ᠵᠦᠢᠯ ᠢ ᠵᠥᠪᠰᠢᠶᠡᠷᠡᠨ ᠣᠷᠣᠭᠤᠯᠬᠤ᠂ ᠲᠥᠷᠥᠯ | ᠵᠦᠢᠯ ᠢ ᠵᠥᠪᠳᠡᠨ ᠶᠠᠷᠢᠯᠴᠠᠬᠤ᠂ ᠲᠥᠯᠥᠪᠵᠢᠭᠦᠯᠭᠡ ᠭᠠᠵᠠᠷ ᠰᠣᠩᠭᠤᠬᠤ᠂ ᠭᠡᠷ᠎ᠡ ᠲᠣᠭᠲᠠᠬᠤ᠂ ᠶᠡᠷᠦᠩᠬᠡᠶᠢᠯᠡᠨ | ᠬᠢᠨᠠᠨ ᠵᠥᠪᠰᠢᠶᠡᠷᠡᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ | ᠭᠤᠶᠤᠴᠢᠯᠠᠨ ᠭᠦᠢᠴᠡᠳᠬᠡᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠪᠣᠳᠠᠲᠠᠶ ᠠᠵᠢᠯ ᠢ | ᠡᠭᠦᠷᠭᠡᠯᠡᠨ᠎ᠡ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠬᠢᠷᠠᠭᠤᠯᠤᠯᠲᠠ ᠬᠢᠵᠦ᠂ ᠡᠯ᠎ᠡ ᠰᠠᠯᠠᠭ᠎ᠠ | ᠮᠥᠴᠢᠷ ᠢ ᠵᠣᠬᠢᠴᠠᠭᠤᠯᠤᠨᠡ︔ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠪᠠᠶᠢᠯᠳᠤᠬᠤ | ᠪᠣᠳᠣᠯᠭ᠎ᠠ᠂ ᠲᠥᠯᠥᠪᠵᠢᠭᠦᠯᠭᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ | ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠳᠤᠷᠠᠳᠬᠤ ᠶᠢᠨ | ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠨᠡᠭᠡᠭᠡᠯᠲᠡ ᠶᠢᠨ ᠣᠷᠣᠨ ᠤ ᠲᠥᠯᠥᠪᠵᠢᠭᠦᠯᠭᠡ ᠪᠠ | ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | 12᠂ ᠪᠦᠬᠦ ᠰᠢᠶᠠᠨ ᠤ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ | ᠬᠤᠷᠸ᠎ᠠ ᠲᠣᠬᠢᠷᠠᠭᠤᠯᠤᠯ ᠡᠵᠡᠮᠳᠡᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠶ ᠶᠢᠨ ᠠᠵᠢᠯᠯᠠᠭᠠᠨ ᠤ | ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢᠨ | ᠲᠥᠯᠥᠪᠯᠡᠭᠡ ᠳᠤ ᠲᠣᠬᠢᠷᠠᠭᠤᠯᠤᠯᠲᠠ ᠬᠢᠵᠦ᠂ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠢ ᠨᠥᠭᠡᠴᠡᠯᠡᠬᠦ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ | 13. ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠢ ᠶᠢᠨ | ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠨᠡᠶᠢᠭᠡᠮ ᠤᠨ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠨ᠎ᠠ᠃ | 14. ᠪᠥᠬᠦ ᠰᠢᠶᠠᠨ ᠤ ᠡᠨᠧᠷᠭᠢ ᠠᠷᠪᠢᠯᠠᠬᠤ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ | ᠣᠷᠴᠢᠯ ᠠᠵᠤ ᠠᠬᠤᠶ᠂ ᠪᠥᠬᠦ ᠨᠡᠶᠢᠭᠡᠮ ᠤᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ | ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ | ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠂ ᠪᠥᠬᠦ ᠰᠢᠶᠠᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠪᠠ ᠴᠡᠪᠡᠷ | ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠣᠷᠴᠢᠨ | ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ | ᠴᠢᠩᠭᠠᠳᠬᠠᠵᠤ᠂ ᠨᠡᠮᠡᠭᠳᠡᠭᠦᠯᠬᠦ ᠠᠷᠭ᠎ᠠ ᠮᠠᠶ᠋ᠢᠭ ᠢ ᠠᠬᠢᠭᠤᠯᠤᠨ᠎ᠠ︔ ᠪᠥᠬᠦ ᠰᠢᠶᠠᠨ ᠤ ᠴᠢᠬᠤᠯᠠ ᠶᠡᠭᠡ ᠡᠨᠧᠷᠭᠢ | ᠠᠷᠪᠢᠯᠠᠬᠤ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ | ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | 15. ᠪᠥᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠮᠡᠳᠡᠭᠦᠯᠦᠯᠲᠡ︔ ᠪᠦᠬᠦ ᠰᠢᠶᠠᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠠᠵᠢᠯ ᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠤᠨ᠎ᠠ︔ ᠰᠢᠶᠠᠨ ᠤ ᠤᠯᠤᠰ ᠠᠷᠠᠳ ᠤᠨ ᠠᠵᠤ | ᠠᠬᠤᠶ ᠶᠢᠨ ᠳᠠᠶᠢᠴᠢᠯᠠᠯᠲᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠷᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠰᠢᠶᠠᠨ ᠤ ᠤᠯᠤᠰ | ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | 16. ᠲᠤᠰ ᠰᠠᠯᠠᠭ᠎ᠠ ᠮᠥᠴᠢᠷ ᠤᠨ ᠢᠶᠠᠨ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠯ ᠪᠠ | ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | 17. ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠳᠣᠲᠣᠭᠠᠳᠤ ᠶᠢᠨ ᠪᠠᠶᠢᠭᠤᠯᠤᠮᠵᠢ᠄ | ︵ᠨᠢᠭᠡ︶ ᠠᠯᠪᠠᠨ ᠭᠡᠷ ︵ᠬᠠᠷᠢᠭᠤᠴᠠᠯᠭᠠᠲᠠᠨ︶ | ᠪᠠᠶᠢᠭᠤᠯᠭ᠎ᠠ ᠪᠣᠯᠤᠨ ᠬᠠᠷᠢᠶ᠎ᠠ ᠰᠠᠯᠠᠭ᠎ᠠ ᠲᠠᠰᠤᠭ ᠤᠨ ᠨᠠᠮ ᠣᠯᠠᠨ ᠲᠦᠮᠡᠨ ᠤ ᠠᠵᠢᠯ ᠢ ᠬᠠᠷᠢᠭᠤᠴᠠᠨ᠎ᠠ︔ | ᠪᠢᠴᠢᠭ ᠮᠠᠲ᠋ᠧᠷᠢᠶᠠᠯ ᠴᠠᠬᠢᠯᠭᠠᠨ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠨᠠᠮ ᠤᠨ | ᠪᠠᠶᠢᠭᠤᠯᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠺᠠᠳ᠋ᠷ ᠤᠨ | ᠡᠩᠨᠡᠭᠡᠨ ᠤ ᠪᠠᠶᠢᠭᠤᠯᠤᠯᠲᠠ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠠᠵᠢᠯ ᠵᠡᠷᠭᠡ ᠪᠠᠶᠢᠭᠤᠯᠭ᠎ᠠ ᠶᠢᠨ | ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ︔ ᠮᠡᠳᠡᠭᠡ ᠵᠠᠩᠭᠢ᠂ ᠠᠮᠤᠷ ᠲᠦᠪᠰᠢᠨ ᠨᠢᠭᠤᠴᠠ ᠶᠢ | ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠳᠦᠷᠢᠮ ᠲᠣᠭᠲᠠᠭᠠᠯ ᠤᠨ | ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ | ︵ᠬᠤᠶᠠᠷ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠠᠰᠤᠭ ︵ᠬᠠᠷᠢᠭᠤᠴᠠᠯᠭᠠᠲᠠᠨ᠄ ᠯᠢᠦ | ᠫᠸᠢ ᠫᠧᠢ 1562465000 | ᠪᠦᠬᠦ ᠰᠢᠶᠠᠨ ᠤ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠢ | ᠬᠢᠨᠠᠨ ᠬᠡᠮᠵᠢᠵᠦ ᠵᠠᠳᠠᠯᠵᠤ᠂ ᠪᠦᠬᠦ ᠰᠢᠶᠠᠨ ᠤ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠪᠦᠲᠦᠴᠡ ᠶᠢᠨ ᠲᠣᠬᠢᠷᠠᠭᠤᠯᠤᠯ ᠡᠵᠡᠮᠳᠡᠯ ᠤᠨ | ᠬᠠᠷᠠᠯᠲᠠ᠂ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ︔ ᠪᠡᠯᠡ | ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠡᠯᠡ ᠣᠷᠣᠭᠤᠯᠤᠯᠲᠠ ᠶᠢ ᠬᠢᠨᠠᠨ | ᠵᠥᠪᠰᠢᠶᠡᠷᠡᠬᠦ ᠭᠠᠷᠴᠠᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠤᠨ᠎ᠠ︔ ᠲᠥᠪ ᠪᠠ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠵᠤ᠂ | ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠢᠨᠠᠨ ᠬᠠᠷᠭᠤᠭᠤᠯᠤᠨ᠎ᠠ︔ ᠲᠥᠪ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠲᠥᠯᠥᠪᠯᠡᠭᠡ ᠶᠢ | ᠨᠠᠶᠢᠷᠠᠭᠤᠯᠤᠨ ᠵᠣᠬᠢᠶᠠᠨ᠎ᠠ︔ ᠪᠦᠬᠦ ᠰᠢᠶᠠᠨ ᠤ ᠪᠠᠷᠢᠯᠭ᠎ᠠ ᠶᠢᠨ ᠵᠥᠪᠯᠡᠯᠭᠡ ᠥᠭᠬᠦ ᠦᠢᠯᠡᠰ ᠤᠨ ᠬᠥᠭᠵᠢᠯᠲᠡ ᠶᠢ | ᠵᠢᠯᠣᠭᠤᠳᠤᠨ᠎ᠠ᠃ | ︵ᠭᠤᠷᠪᠠ︶ ᠨᠡᠶᠢᠬᠡᠮ ᠤᠨ ᠬᠦᠭᠵᠢᠯᠲᠡ ᠶᠢᠨ ᠲᠠᠰᠤᠭ ︵ᠬᠠᠷᠢᠭᠤᠴᠠᠯᠭᠠᠲᠠᠨ᠄ ᠨᠢᠩ ᠳ᠋ᠠᠨ ᠨᠢ | 15034798580︶ | ᠪᠦᠬᠦ ᠰᠢᠶᠠᠨ ᠤ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ | ᠪᠡᠶ᠎ᠡ ᠶᠢᠨ ᠲᠠᠮᠢᠷ᠂ ᠠᠷᠠᠳ ᠤᠨ ᠶᠠᠪᠤᠳᠠᠯ᠂ ᠤᠯᠤᠰ ᠲᠦᠷᠦ ᠬᠠᠤᠯᠢ ᠴᠠᠭᠠᠵᠠ᠂ ᠬᠥᠮᠦᠨ ᠠᠮᠠ᠂ ᠡᠷᠡᠭᠦᠯ | ᠬᠠᠮᠠᠭᠠᠯᠠᠯ ᠡᠷᠡᠭᠦᠯ ᠮᠡᠨᠳᠦ᠂ ᠬᠥᠳᠡᠯᠮᠦᠷᠢ ᠠᠵᠢᠯ ᠣᠯᠭᠤᠯᠲᠠ᠂ ᠣᠷᠣᠯᠭ᠎ᠠ ᠶᠢᠨ ᠬᠤᠪᠢᠶᠠᠷᠢᠯᠠᠯᠲᠠ ᠪᠠ ᠨᠡᠶᠢᠭᠡᠮ ᠤᠨ | ᠪᠠᠲᠤᠯᠠᠭ᠎ᠠ ᠵᠡᠷᠭᠡ ᠬᠥᠭᠵᠢᠯᠲᠡ ᠶᠢᠨ ᠪᠠᠶᠢᠳᠠᠯ ᠢ ᠰᠤᠳᠤᠯᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ | ᠵᠣᠬᠢᠴᠠᠭᠤᠯᠤᠨ᠎ᠠ ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠯ ᠢ ᠲᠦᠷᠦᠭᠦᠯᠡᠨ ᠰᠤᠳᠤᠯᠤᠨ ᠳᠤᠷᠠᠳᠴᠤ᠂ ᠪᠦᠬᠦ ᠰᠢᠶᠠᠨ ᠤ | ᠨᠡᠶᠢᠭᠡᠮ ᠤᠨ ᠦᠢᠯᠡᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ | ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ | ᠪᠠᠶᠢᠭᠤᠯᠤᠨ ᠲᠣᠭᠲᠠᠭᠠᠬᠤ ᠪᠠ ᠵᠣᠬᠢᠴᠠᠭᠤᠯᠤᠨ᠎ᠠ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ | ᠬᠠᠮᠠᠭᠠᠯᠠᠯ ᠵᠡᠷᠭᠡ ᠦᠢᠯᠡᠰ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠪᠦᠬᠦ ᠰᠢᠶᠠᠨ ᠤ ᠠᠵᠤ ᠠᠬᠤᠶ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠵᠤ᠂ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠶᠢ ᠰᠤᠳᠤᠯᠤᠨ᠎ᠠ︔ ᠶᠡᠷᠦᠩᠬᠡᠶ ᠬᠡᠮᠵᠢᠶ᠎ᠡ ᠶᠢ | ᠲᠡᠩᠴᠡᠭᠦᠷᠢᠲᠡᠶ ᠪᠠᠶᠢᠯᠭᠠᠬᠤ ᠶᠢ ᠰᠤᠳᠤᠯᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢᠨ | ᠦᠨᠡᠯᠡᠨ ᠵᠢᠱᠢᠯᠲᠡ ᠶᠢ ᠥᠷᠨᠢᠭᠦᠯᠵᠦ᠂ ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ | ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠭᠤᠣᠯᠳᠠᠯᠭ᠎ᠠ ᠲᠠᠢ ᠲᠥᠯᠥᠪᠵᠢᠭᠦᠯᠭᠡ᠂ | ᠴᠢᠬᠤᠯᠠ ᠲᠥᠷᠥ ᠶᠢᠨ ᠪᠣᠳᠣᠯᠭ᠎ᠠ ᠪᠠ ᠴᠢᠬᠤᠯᠠ ᠶᠡᠭᠡ ᠵᠦᠢᠯᠡᠰ ᠤᠨ ᠪᠡᠯᠡ ᠮᠥᠩᠭᠦ ᠶᠢ ᠲᠣᠬᠢᠷᠠᠭᠤᠯᠤᠭᠰᠠᠨ | ᠪᠠᠶᠢᠳᠠᠯ ᠢ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ | ᠴᠢᠨᠠᠷ ᠢ ᠬᠢᠨᠠᠨ ᠬᠠᠷᠭᠤᠭᠤᠯᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ | ᠠᠵᠢᠯ ᠢ ᠡᠭᠦᠷᠭᠡᠯᠡᠨ᠎ᠡ︔ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠪᠦᠬᠦ ᠰᠢᠶᠠᠨ ᠤ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠠᠵᠢᠯ ᠢ ᠵᠢᠯᠣᠭᠤᠳᠤᠨ᠎ᠠ᠃ | ︵ᠲᠦᠷᠪᠡ︶ ᠲᠠᠷᠢᠶᠠᠯᠠᠩ ᠮᠠᠯ ᠠᠵᠦ ᠠᠬᠤᠢ ᠶᠢᠨ ᠲᠠᠰᠤᠭ ︵ᠬᠠᠷᠢᠭᠤᠴᠠᠯᠭᠠᠳᠠᠨ᠄ ᠳ᠋ᠦ᠋ ᠵᠢᠶᠠᠨ | ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ | ᠬᠥᠭᠵᠢᠯᠲᠡ ᠶᠢᠨ ᠪᠠᠶᠢᠳᠠᠯ ᠪᠠ ᠴᠢᠬᠤᠯᠠ ᠶᠡᠭᠡ ᠠᠰᠠᠭᠤᠳᠠᠯ ᠢ ᠵᠠᠳᠠᠯᠤᠨ ᠰᠤᠳᠤᠯᠵᠤ᠂ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠪᠠ︔ ᠲᠠᠷᠢᠶᠠᠯᠠᠩ ᠮᠠᠯ ᠠᠵᠤ ᠠᠬᠤᠶ᠂ ᠣᠶ ᠰᠢᠭᠤᠶ᠂ ᠤᠰᠤᠨ | ᠠᠰᠢᠭᠯᠠᠯᠲᠠ᠂ ᠴᠠᠭ ᠠᠭᠤᠷ᠂ ᠠᠮᠢ ᠠᠬᠤᠶ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠵᠡᠷᠭᠡ | ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠴᠢᠬᠤᠯᠠ ᠶᠡᠭᠡ | ᠲᠥᠷᠥᠯ ᠵᠦᠢᠯ ᠤᠨ ᠪᠠᠶᠢᠷᠢᠰᠢᠭᠤᠯᠤᠯ ᠤᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ | ᠵᠣᠬᠢᠴᠠᠭᠤᠯᠵᠤ ᠬᠡᠷᠡᠭᠵᠢᠭᠦᠯᠦᠨ᠎ᠡ︔ ᠪᠥᠬᠦ ᠰᠢᠶᠠᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠷᠠᠳ ᠢ ᠨᠡᠭᠦᠯᠭᠡᠨ ᠲᠥᠪᠬᠢᠨᠡᠭᠦᠯᠬᠦ᠂ ᠠᠮᠢ ᠠᠬᠤᠶ ᠶᠢᠨ | ᠠᠷᠠᠳ ᠢ ᠨᠡᠭᠦᠯᠭᠡᠬᠦ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ᠂ ᠣᠶ ᠰᠢᠭᠤᠶ ᠶᠢᠨ ᠳᠥᠭᠦᠮ | ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠠᠷᠠᠳ ᠢ ᠨᠡᠭᠦᠯᠭᠡᠨ ᠲᠥᠪᠬᠢᠨᠡᠭᠦᠯᠬᠦ ᠵᠡᠷᠭᠡ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠠᠷᠠᠳ ᠢ ᠨᠡᠭᠦᠯᠭᠡᠨ ᠲᠥᠪᠬᠢᠨᠡᠭᠦᠯᠬᠦ | ᠲᠥᠯᠥᠪᠵᠢᠭᠦᠯᠭᠡ ᠪᠠ ᠰᠡᠭᠦᠯᠴᠢ ᠶᠢᠨ ᠬᠤᠭᠤᠴᠠᠭᠠᠨ ᠤ ᠲᠡᠳᠬᠦᠬᠦ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠬᠢᠨᠠᠨ | ᠬᠠᠷᠭᠤᠭᠤᠯᠤᠨ᠎ᠠ᠃ | ︵ᠲᠠᠪᠤ︶ ᠡᠨᠧᠷᠭᠢ ᠶᠢᠨ ᠬᠤᠪᠢ ᠣᠷᠣᠭᠤᠯᠤᠭᠰᠠᠨ ︵ᠬᠠᠷᠢᠭᠤᠴᠠᠯᠭᠠᠲᠠᠨ᠄ ᠸᠧᠶ ᠫᠧᠩ 13614748959 | ︶ | ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ | ᠬᠤᠷᠢᠶ᠎ᠠ ᠶᠢᠨ ᠡᠨᠧᠷᠭᠢ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠬᠥᠭᠵᠢᠯᠲᠡ ᠶᠢᠨ ᠲᠥᠯᠥᠪᠵᠢᠭᠦᠯᠭᠡ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠪᠦᠬᠦ ᠰᠢᠶᠠᠨ ᠤ ᠡᠨᠧᠷᠭᠢ ᠶᠢ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠪᠠ ᠲᠥᠯᠥᠪᠯᠡᠭᠡ ᠶᠢ | ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠴᠢᠯᠠᠭᠤᠨ | ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠰᠢᠨ᠎ᠡ ᠡᠨᠧᠷᠭᠢ ᠪᠠ ᠳᠠᠬᠢᠯᠲᠠ ᠡᠨᠧᠷᠭᠢ ᠶᠢ ᠨᠡᠭᠡᠭᠡᠨ ᠠᠰᠢᠭᠯᠠᠬᠤ ᠪᠠ | ᠳᠡᠯᠭᠡᠷᠡᠭᠦᠯᠦᠨ ᠬᠡᠷᠡᠭᠯᠡᠬᠦ᠂ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ︔ ᠪᠦᠬᠦ ᠰᠢᠶᠠᠨ ᠤ ᠡᠨᠧᠷᠭᠢ ᠶᠢ | ᠨᠡᠭᠡᠭᠡᠨ ᠠᠰᠢᠭᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠳᠠᠪᠰᠢᠯᠲᠠ ᠶᠢ ᠵᠢᠯᠣᠭᠤᠳᠴᠤ᠂ ᠢᠵᠢ ᠪᠦᠷᠢᠨ ᠲᠥᠬᠦᠭᠡᠷᠦᠮᠵᠢ ᠶᠢ ᠣᠷᠣᠭᠤᠯᠤᠨ ᠠᠪᠴᠢᠷᠠᠬᠤ᠂ | ᠰᠢᠩᠭᠡᠭᠡᠬᠦ ᠪᠠ ᠰᠢᠨ᠎ᠡ ᠶᠢ ᠡᠭᠦᠳᠬᠦ ᠶᠢ ᠵᠢᠯᠣᠭᠤᠳᠤᠨ᠎ᠠ᠃ | ᠪᠦᠬᠦ ᠰᠢᠶᠠᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠤᠷᠲᠤ ᠳᠠᠮᠵᠢᠭᠤᠯᠬᠤ ᠬᠤᠭᠤᠯᠠᠶ ᠶᠢᠨ | ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠪᠠ ᠲᠤᠰᠬᠠᠶ ᠴᠡᠭᠴᠡᠯᠡᠨ ᠵᠠᠰᠠᠬᠤ ᠠᠵᠢᠯ ᠤᠨ | ᠵᠢᠯᠣᠭᠤᠳᠤᠯᠭ᠎ᠠ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠠᠶᠤᠯ ᠦᠭᠡᠶ ᠦᠢᠯᠡᠳᠪᠦᠷᠢᠯᠡᠯ ᠤᠨ | ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠨ ᠪᠠᠶᠢᠴᠠᠭᠠᠨ᠎ᠠ᠃ ᠪᠦᠬᠦ | ᠰᠢᠶᠠᠨ ᠤ ᠡᠨᠧᠷᠭᠢ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ | ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ | ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃ | ︵ᠵᠢᠷᠭᠤᠭ᠎ᠠ︶ ᠠᠵᠤ ᠦᠢᠯᠡᠰ ᠤᠨ ᠬᠥᠭᠵᠢᠯᠲᠡ ᠶᠢᠨ ᠲᠠᠰᠤᠭ ︵ᠬᠠᠷᠢᠭᠤᠴᠠᠯᠭᠠᠲᠠᠨ᠄ ᠯᠢ ᠢᠦᠶ ᠰᠢᠶᠠᠩ | 13848448661︶ | ᠪᠦᠬᠦ ᠰᠢᠶᠠᠨ ᠤ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ | ᠠᠰᠠᠭᠤᠳᠠᠯ ᠢ ᠰᠤᠳᠤᠯᠵᠤ᠂ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠲᠣᠭᠲᠠᠭᠠᠨ᠎ᠠ᠃ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ | ᠪᠠ ᠴᠢᠬᠤᠯᠠ ᠶᠡᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ︔ | ᠪᠦᠬᠦ ᠰᠢᠶᠠᠨ ᠤ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ | ᠲᠣᠬᠢᠷᠠᠭᠤᠯᠭ᠎ᠠ ᠡᠵᠡᠮᠰᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠪᠦᠬᠦ ᠰᠢᠶᠠᠨ ᠤ ᠣᠳᠣ ᠦᠶ᠎ᠡ ᠶᠢᠨ | ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠭᠦᠢᠯᠭᠡᠭᠡᠨ ᠤ | ᠪᠠᠶᠢᠭᠤᠯᠤᠯ ᠤᠨ ᠥᠭᠡᠷᠡᠴᠢᠯᠡᠯᠲᠡ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ᠪᠦᠬᠦ ᠰᠢᠶᠠᠨ ᠤ ᠵᠠᠰᠠᠮᠠᠯ ᠵᠠᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ | ᠥᠭᠡᠷᠡᠴᠢᠯᠡᠯᠲᠡ ᠶᠢᠨ ᠲᠥᠰᠦᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ | ᠳᠤᠷᠠᠳᠬᠤ ᠶᠢ ᠬᠠᠷᠢᠭᠤᠴᠠᠨ᠎ᠠ︔ ᠵᠠᠮ ᠬᠠᠷᠢᠯᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠤᠯᠤᠰ ᠠᠷᠠᠳ ᠤᠨ | ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠵᠣᠯᠭᠠᠭᠤᠯᠤᠨ | ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠥᠯᠥᠪᠯᠡᠨ᠎ᠡ︔ ᠪᠦᠬᠦ ᠰᠢᠶᠠᠨ ᠤ ᠵᠠᠮ ᠬᠠᠷᠢᠯᠴᠠᠭᠠᠨ ᠤ | ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ᠪᠦᠬᠦ ᠨᠡᠶᠢᠭᠡᠮ ᠤᠨ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠣᠷᠴᠢᠯ ᠠᠵᠤ | ᠠᠬᠤᠢ ᠶᠢ ᠬᠥᠭᠵᠢᠭᠦᠯᠬᠦ ᠲᠥᠯᠥᠪᠵᠢᠭᠦᠯᠭᠡ ᠪᠣᠯᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠠᠵᠤ ᠦᠢᠯᠡᠰ ᠪᠣᠯᠤᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ | ᠠᠵᠢᠯ ᠢ ᠵᠣᠬᠢᠴᠠᠭᠤᠯᠤᠨ᠎ᠠ᠃ ᠪᠦᠬᠦ ᠰᠢᠶᠠᠨ ᠤ ᠴᠢᠬᠤᠯᠠ ᠶᠡᠭᠡ ᠡᠨᠧᠷᠭᠢ ᠠᠷᠪᠢᠯᠠᠬᠤ ᠵᠢᠱᠢᠶ᠎ᠡ ᠦᠵᠡᠭᠦᠯᠬᠦ | ᠢᠨᠵᠧᠨᠧᠷᠢᠩ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ | ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ᠪᠦᠬᠦ ᠰᠢᠶᠠᠨ ᠤ ᠳᠡᠭᠡᠳᠦ ᠮᠡᠷᠭᠡᠵᠢᠯ ᠤᠨ ᠠᠵᠤ ᠦᠢᠯᠡᠰ ᠵᠢᠴᠢ ᠠᠵᠤ ᠦᠢᠯᠡᠰ ᠤᠨ ᠮᠡᠷᠭᠡᠵᠢᠯ ᠤᠨ | ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ᠂ | ᠠᠵᠤ ᠦᠢᠯᠡᠰ ᠤᠨ ᠮᠡᠷᠭᠡᠵᠢᠯ ᠤᠨ ᠳᠠᠪᠰᠢᠯᠲᠠ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠦᠷᠦ ᠶᠢᠨ | ᠪᠤᠳᠤᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠠᠵᠤ ᠦᠶᠢᠯᠡᠰᠵᠢᠯᠲᠡ ᠶᠢᠨ ᠴᠢᠬᠤᠯᠠ ᠶᠡᠭᠡ ᠵᠢᠱᠢᠶ᠎ᠡ | ᠦᠵᠡᠭᠦᠯᠬᠦ ᠲᠠᠪᠴᠠᠩ ᠵᠡᠷᠭᠡ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠴᠠᠭᠤᠯᠤᠨ | ᠬᠡᠷᠡᠭᠵᠢᠭᠦᠯᠦᠨ᠎ᠡ᠃ ᠲᠣᠮᠣ ᠳ᠋ᠠᠶᠢᠲ᠋ᠠ ᠶᠢᠨ ᠬᠥᠭᠵᠢᠯᠲᠡ ᠬᠡᠷᠡᠭᠯᠡᠯᠲᠡ ᠪᠠ ᠲᠣᠭᠠᠴᠢᠯᠠᠭᠰᠠᠨ ᠠᠵᠤ ᠠᠬᠤᠶ ᠶᠢᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠥᠭᠡᠷᠡᠴᠢᠯᠡᠯᠲᠡ ᠬᠢᠵᠦ | ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠮᠡᠷᠭᠡᠵᠢᠯ ᠤᠨ ᠰᠢᠨ᠎ᠡ ᠶᠢ | ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠤᠯᠪᠣᠭᠠᠯᠠᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ | ᠤᠯᠤᠰ ᠠᠷᠠᠳ ᠤᠨ ᠠᠵᠤ ᠠᠬᠤᠢ ᠶᠢᠨ ᠰᠢᠨ᠎ᠡ ᠠᠵᠤ ᠦᠢᠯᠡᠰ ᠤᠨ ᠪᠦᠷᠢᠯᠳᠦᠬᠦ ᠶᠢ ᠠᠬᠢᠭᠤᠯᠤᠨ᠎ᠠ︔ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ ᠠᠵᠤ ᠦᠢᠯᠡᠰ ᠤᠨ | ᠪᠠᠶᠢᠷᠢᠰᠢᠭᠤᠯᠤᠯ ᠤᠨ ᠲᠣᠬᠢᠷᠠᠭᠤᠯᠤᠯᠲᠠ ᠳᠤ ᠣᠷᠣᠯᠴᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠮᠠᠭᠠᠳᠯᠠᠨ ᠲᠣᠭᠲᠠᠭᠠᠬᠤ ᠪᠠ ᠬᠠᠮᠢᠶᠠᠷᠬᠤ ᠳᠤ ᠣᠷᠣᠯᠴᠠᠨ᠎ᠠ᠃ | ︵ᠳᠤᠯᠤᠭ᠎ᠠ︶ ᠤᠷᠤᠨ ᠪᠦᠰᠡ ᠶᠢᠨ ᠬᠠᠮᠳᠤᠷᠠᠯᠴᠠᠭ᠎ᠠ ᠪᠠ ᠬᠤᠳᠠᠯᠳᠤᠭᠠᠴᠢᠨ ᠤᠷᠢᠬᠤ ᠰᠲ᠋ᠤᠺ ︵ | ᠬᠠᠷᠢᠭᠤᠴᠠᠯᠭᠠᠳᠠᠨ᠄ ᠨᠢᠩ ᠳ᠋ᠠᠨ ᠨᠢ 15034798580︶ | ᠪᠦᠬᠦ ᠰᠢᠶᠠᠨ ᠤ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠰᠢᠶᠠᠨ ᠤ ᠬᠡᠪᠴᠢᠶᠡᠨ ᠤ | ᠳᠣᠲᠣᠷ᠎ᠠ ᠭᠠᠳᠠᠨᠠᠬᠢ ᠠᠵᠤ ᠠᠬᠤᠶ ᠶᠢᠨ ᠬᠠᠮᠲᠤᠷᠠᠯᠴᠠᠭᠠᠨ ᠤ ᠠᠵᠢᠯ ᠢ ᠵᠣᠬᠢᠴᠠᠭᠤᠯᠵᠤ᠂ ᠣᠷᠣᠨ ᠪᠦᠰᠡ ᠶᠢᠨ | ᠬᠠᠮᠲᠤᠷᠠᠯᠴᠠᠭᠠᠨ ᠤ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠠᠮᠲᠤᠷᠠᠯᠴᠠᠭ᠎ᠠ᠂ ᠠᠵᠤ | ᠦᠢᠯᠡᠰ ᠤᠨ ᠵᠣᠯᠭᠠᠯᠴᠠᠭ᠎ᠠ ᠪᠠ ᠬᠠᠮᠲᠤᠷᠠᠯᠴᠠᠭ᠎ᠠ᠂ ᠵᠢᠭᠤᠯᠴᠢᠯᠠᠯ ᠤᠨ ᠠᠵᠤ ᠦᠢᠯᠡᠰ ᠤᠨ ᠬᠠᠮᠲᠤᠷᠠᠯᠴᠠᠭ᠎ᠠ᠂ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭ᠎ᠠ ᠵᠡᠷᠭᠡ ᠶᠢ ᠶᠠᠪᠤᠭᠳᠠᠭᠤᠯᠤᠨ᠎ᠠ᠃ ᠤᠯᠠᠨ | ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠨ ᠰᠢᠯᠢᠳᠡᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭᠠᠨ ᠤ | ᠲᠠᠪᠴᠠᠩ ᠢ ᠪᠠᠶᠢᠭᠤᠯᠵᠤ᠂ ᠡᠷᠬᠡ ᠲᠡᠭᠰᠢ ᠪᠠᠷ ᠥᠷᠢᠰᠥᠯᠳᠦᠬᠦ ᠶᠢ ᠪᠠᠲᠤᠯᠠᠵᠤ᠂ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠬᠠᠮᠠᠭᠠᠯᠠᠨ᠎ᠠ᠃ ᠰᠢᠨ᠎ᠡ ᠪᠠᠶᠢᠳᠠᠯ ᠤᠨ ᠬᠥᠭᠵᠢᠯᠲᠡ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ᠬᠠᠮᠲᠤᠷᠠᠯᠴᠠᠭᠠᠨ ᠤ ᠰᠡᠳᠬᠢᠮᠵᠢ ᠶᠢ ᠥᠷᠭᠡᠳᠬᠡᠨ᠂ ᠬᠠᠮᠲᠤᠷᠠᠯᠴᠠᠭᠠᠨ ᠤ ᠠᠷᠭ᠎ᠠ ᠮᠠᠶ᠋ᠢᠭ ᠤᠨ ᠲᠠᠯ᠎ᠠ ᠪᠠᠷ | ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠲᠣᠬᠢᠷᠠᠭᠤᠯᠤᠯᠲᠠ᠂ ᠠᠰᠢᠭ ᠲᠤᠰᠠ ᠶᠢᠨ ᠬᠤᠪᠢᠶᠠᠷᠢᠯᠠᠯᠲᠠ᠂ | ᠦᠢᠯᠡᠴᠢᠯᠡᠭᠡ ᠶᠢ ᠬᠠᠮᠲᠤ ᠪᠠᠷ ᠡᠳ᠋ᠯᠡᠬᠦ᠂ ᠲᠦᠷᠢᠮ ᠢ ᠪᠠᠲᠤᠯᠠᠬᠤ ᠵᠡᠷᠭᠡ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ | ᠰᠦᠪᠡᠭᠴᠢᠯᠡᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠦᠨ᠂ ᠣᠷᠣᠨ ᠪᠦᠰᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠪᠤᠴᠠ ᠶᠢ ᠬᠠᠷᠢᠭᠤᠴᠠᠵᠤ᠂ ᠮᠡᠳᠡᠭᠡ | ᠵᠠᠩᠭᠢ ᠶᠢ ᠴᠤᠭᠯᠠᠭᠤᠯᠤᠨ ᠳᠡᠭᠡᠭᠰᠢ ᠮᠡᠳᠡᠭᠦᠯᠬᠦ᠂ ᠡᠮᠦᠨᠡᠬᠢ ᠬᠤᠭᠤᠴᠠᠭᠠᠨ ᠤ ᠰᠢᠨᠵᠢᠯᠡᠨ ᠪᠠᠶᠢᠴᠠᠭᠠᠬᠤ᠂ ᠲᠥᠷᠥᠯ | ᠵᠦᠢᠯ ᠢ ᠵᠥᠪᠰᠢᠶᠡᠷᠡᠨ ᠣᠷᠣᠭᠤᠯᠬᠤ᠂ ᠲᠥᠷᠥᠯ ᠵᠦᠢᠯ ᠤᠨ ᠵᠥᠪᠳᠡᠯᠴᠡᠬᠦ᠂ ᠲᠥᠯᠥᠪᠵᠢᠭᠦᠯᠭᠡ ᠶᠢᠨ ᠭᠠᠵᠠᠷ | ᠰᠣᠩᠭᠤᠬᠤ᠂ ᠭᠡᠷ᠎ᠡ ᠲᠣᠭᠲᠠᠬᠤ᠂ ᠶᠡᠷᠦᠩᠬᠡᠶᠢᠯᠡᠨ ᠬᠢᠨᠠᠨ ᠵᠥᠪᠰᠢᠶᠡᠷᠡᠬᠦ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ | ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠬᠤ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠤᠨ ᠪᠦᠬᠦ ᠶᠠᠪᠤᠴᠠ ᠶᠢ ᠣᠷᠣᠯᠠᠨ ᠭᠦᠢᠴᠡᠳᠬᠡᠬᠦ ᠪᠠ ᠦᠢᠯᠡᠴᠢᠯᠡᠭᠡᠨ ᠤ ᠪᠣᠳᠠᠲᠠᠶ | ᠠᠵᠢᠯ ᠢ ᠡᠭᠦᠷᠭᠡᠯᠡᠨ᠎ᠡ᠃ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠲᠣᠬᠢᠷᠠᠭᠤᠯᠤᠯᠲᠠ ᠶᠢ ᠬᠢᠵᠦ᠂ ᠡᠯ᠎ᠡ | ᠰᠠᠯᠠᠭ᠎ᠠ ᠮᠥᠴᠢᠷ ᠢ ᠵᠣᠬᠢᠴᠠᠭᠤᠯᠤᠨ ᠪᠣᠳᠠᠲᠠᠢ ᠬᠠᠮᠢᠶ᠎ᠠ ᠪᠦᠬᠦᠢ ᠭᠠᠷᠳᠠᠮ ᠢ ᠭᠦᠢᠴᠡᠳᠬᠡᠪᠡ᠃ | ︵ᠨᠠᠢᠮᠠ︶ ᠦᠨ᠎ᠡ ᠬᠠᠩᠰᠢ ᠰᠦᠢᠳᠬᠡᠯ ᠬᠤᠷᠢᠶᠠᠬᠤ ᠪᠠ ᠥᠪᠡᠷ ᠤᠨ ᠥᠷᠲᠡᠭ ᠲᠤ ᠬᠢᠨᠠᠯᠲᠠ ᠲᠠᠯᠪᠢᠬᠤ | ᠲᠠᠰᠤᠭ ︵ᠬᠠᠷᠢᠭᠤᠴᠠᠯᠭᠠᠲᠠᠨ᠄ ᠵᠠᠩ ᠰᠢᠶᠣᠣ ᠫᠢᠩ 137047708︶ | ᠤᠯᠤᠰ ᠪᠠ ᠪᠦᠬᠦ ᠰᠢᠶᠠᠨ ᠤ ᠦᠨ᠎ᠡ ᠬᠠᠩᠰᠢ ᠪᠠ ᠰᠦᠢᠳᠬᠡᠯ ᠬᠤᠷᠢᠶᠠᠬᠤ ᠠᠵᠢᠯ ᠤᠨ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠰᠦᠢᠳᠬᠡᠯ ᠬᠤᠷᠢᠶᠠᠬᠤ | ᠥᠭᠡᠷᠡᠴᠢᠯᠡᠯᠲᠡ ᠶᠢᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠠ | ᠰᠢᠶᠠᠨ ᠤ ᠨᠠᠮ ᠤᠨ ᠬᠤᠷᠢᠶ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠵᠠᠰᠠᠭ ᠤᠨ | ᠣᠷᠳᠣᠨ ᠤ ᠲᠣᠭᠲᠠᠭᠠᠭᠰᠠᠨ ᠦᠨ᠎ᠡ ᠪᠠ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢᠨ ᠴᠢᠬᠤᠯᠠ ᠲᠠᠸᠠᠷ ᠤᠨ | ᠦᠨ᠎ᠡ ᠬᠠᠩᠰᠢ ᠶᠢ ᠲᠣᠭᠲᠠᠭᠠᠬᠤ ᠪᠠ ᠲᠣᠬᠢᠷᠠᠭᠤᠯᠤᠯᠲᠠ ᠬᠢᠨ᠎ᠠ︔ ᠪᠦᠬᠦ ᠰᠢᠶᠠᠨ ᠤ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠦᠨ᠎ᠡ ᠬᠠᠩᠰᠢ | ︵ᠰᠦᠢᠳᠬᠡᠯ ᠬᠤᠷᠢᠶᠠᠬᠤ︶ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠰᠢᠶᠠᠨ ᠤ | ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠳᠣᠲᠣᠷᠠᠬᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ | ᠪᠠ ᠲᠣᠬᠢᠷᠠᠭᠤᠯᠤᠨ᠎ᠠ︔ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠵᠠᠰᠠᠬᠤ ᠠᠷᠭ᠎ᠠ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠪᠦᠬᠦ ᠰᠢᠶᠠᠨ ᠤ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠨ ᠬᠢᠨᠠᠬᠤ ᠠᠵᠢᠯ ᠤᠨ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠰᠤᠳᠤᠯᠤᠨ ᠲᠣᠭᠲᠠᠭᠠᠨ᠎ᠠ᠃ ᠪᠥᠬᠦ ᠰᠢᠶᠠᠨ ᠤ | ᠭᠤᠤᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠥᠪᠡᠷ ᠤᠨ | ᠥᠷᠲᠡᠭ ᠪᠠ ᠠᠰᠢᠭ ᠣᠷᠣᠯᠭ᠎ᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ᠂ | ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠠ ᠰᠢᠩ ᠾᠧ ᠰᠢᠶᠠᠨ ᠤ ᠦᠨ᠎ᠡ ᠬᠠᠩᠰᠢ ᠶᠢᠨ ᠥᠪᠡᠷ ᠤᠨ | ᠥᠷᠲᠡᠭ ᠤᠨ ᠪᠠᠶᠢᠴᠠᠭᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠬᠠᠤᠯᠢ ᠪᠠᠷ ᠲᠣᠭᠲᠠᠭᠠᠭᠰᠠᠨ ᠡᠷᠬᠡ | ᠮᠡᠳᠡᠯ ᠤᠨ ᠶᠣᠰᠣᠭᠠᠷ ᠰᠢᠶᠠᠨ ᠤ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠥᠪᠡᠷ ᠤᠨ ᠥᠷᠲᠡᠭ ᠢ ᠬᠢᠨᠠᠨ | ᠪᠠᠶᠢᠴᠠᠭᠠᠨ᠎ᠠ᠃ | ︵ᠶᠢᠰᠦ︶ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠨᠥᠭᠡᠴᠡᠯᠡᠬᠦ ᠲᠠᠰᠤᠭ ︵ᠬᠠᠷᠢᠭᠤᠴᠠᠯᠭᠠᠲᠠᠨ᠄ | ᠰᠢᠤᠸᠠᠢ ᠢᠦᠶ ᠴᠧᠨ 1566144610︶ | ᠪᠦᠬᠦ ᠰᠢᠶᠠᠨ ᠤ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢᠨ ᠲᠦᠷᠢᠮ ᠢ | ᠲᠣᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠣᠯᠤᠨ ᠰᠢᠩ ᠾᠧ ᠰᠢᠶᠠᠨ ᠤ | ᠴᠢᠬᠤᠯᠠ ᠡᠳ᠋ ᠪᠣᠳᠠᠰ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠤᠨ ᠰᠠᠨᠠᠭᠤᠯᠭ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠰᠢᠩ ᠾᠧ ᠰᠢᠶᠠᠨ ᠤ ᠴᠢᠬᠤᠯᠠ ᠡᠳ᠋ ᠪᠣᠳᠠᠰ ᠨᠥᠭᠡᠴᠡᠯᠡᠬᠦ ᠲᠥᠯᠥᠪᠵᠢᠭᠦᠯᠭᠡ᠂ | ᠲᠥᠷᠥᠯ ᠵᠦᠢᠯ ᠤᠨ ᠭᠠᠷᠴᠠᠭ ᠢ ᠰᠤᠳᠤᠯᠤᠨ ᠳᠤᠷᠠᠳᠴᠤ᠂ ᠪᠥᠬᠦ ᠰᠢᠶᠠᠨ ᠤ ᠬᠤᠳᠠᠯᠳᠤᠨ ᠠᠪᠬᠤ᠂ ᠪᠣᠷᠣᠯᠠᠭᠤᠯᠬᠤ | ᠵᠢᠴᠢ ᠡᠭᠡᠯᠵᠢᠯᠡᠨ ᠰᠣᠯᠢᠬᠤ ᠲᠥᠯᠥᠪᠯᠡᠭᠡ ᠶᠢ ᠳᠤᠷᠠᠳᠴᠤ᠂ ᠬᠤᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠪᠠ | ᠡᠳᠦᠷ ᠲᠤᠲᠤᠮ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠳᠡᠯᠭᠡᠨ ᠬᠡᠷᠡᠭᠯᠡᠬᠦ | ᠬᠤᠯᠪᠤᠭᠳᠠᠯ ᠪᠦᠬᠦᠢ ᠲᠥᠯᠥᠪᠯᠡᠭᠡ ᠪᠠ ᠵᠢᠬᠠᠪᠤᠷᠢ ᠶᠢ ᠨᠠᠶᠢᠳᠠᠪᠤᠷᠢᠵᠢᠬᠤᠯᠬᠤ ᠬᠡᠷᠡᠭᠲᠡᠶ᠃ ᠰᠢᠶᠠᠨ ᠤ ᠱᠠᠲᠤᠨ ᠤ ᠠᠮᠤ | ᠪᠤᠳᠠᠭ᠎ᠠ ᠲᠣᠰᠣ ᠪᠣᠯᠤᠨ ᠡᠳ᠋ ᠪᠠᠷᠠᠭ᠎ᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠣᠯᠤᠨ ᠬᠠᠳᠠᠭᠠᠯᠠᠯᠲᠠ ᠶᠢᠨ ᠠᠶᠤᠯ | ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠰᠢᠶᠠᠨ ᠤ ᠠᠮᠤ ᠪᠤᠳᠠᠭᠠᠨ ᠤ ᠭᠦᠢᠯᠭᠡᠭᠡᠨ ᠤ ᠠᠵᠢᠯ | ᠲᠥᠷᠥᠯ ᠪᠣᠯᠤᠨ ᠪᠦᠬᠦ ᠰᠢᠶᠠᠨ ᠤ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠠᠶᠤᠯ ᠦᠭᠡᠶ ᠬᠠᠳᠠᠭᠠᠯᠠᠬᠤ ᠪᠠ | ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠪᠦᠬᠦ ᠰᠢᠶᠠᠨ ᠤ ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ᠂ ᠠᠷᠭ᠎ᠠ ᠶᠢ ᠲᠣᠭᠲᠠᠭᠠᠨ᠎ᠠ᠃ | ᠪᠦᠬᠦ ᠰᠢᠶᠠᠨ ᠤ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠰᠢᠶᠠᠨ ᠤ ᠠᠮᠤ ᠲᠣᠰᠣᠨ ᠤ ᠭᠦᠢᠯᠭᠡᠭᠡᠨ ᠤ ᠬᠤᠷᠸ᠎ᠠ | ᠲᠣᠬᠢᠷᠠᠭᠤᠯᠭ᠎ᠠ ᠡᠵᠡᠮᠳᠡᠯ᠂ ᠶᠡᠷᠦᠩᠬᠡᠶ ᠬᠡᠮᠵᠢᠶ᠎ᠡ ᠶᠢᠨ ᠲᠡᠩᠴᠡᠭᠦᠷᠢ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠪᠠ | ᠃ ᠪᠦᠬᠦ ᠰᠢᠶᠠᠨ ᠤ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠲᠥᠷᠥ ᠶᠢᠨ ᠪᠣᠳᠣᠯᠭ᠎ᠠ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠡᠷᠢᠭ ᠤᠨ ᠠᠮᠤ ᠪᠤᠳᠠᠭᠠᠨ ᠤ ᠬᠠᠩᠭᠠᠯᠭ᠎ᠠ | ᠪᠣᠯᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠠᠮᠤ ᠪᠤᠳᠠᠭᠠᠨ ᠤ ᠭᠦᠢᠯᠭᠡᠭᠡ ᠪᠠ ᠡᠳ᠋ | ᠪᠣᠳᠠᠰ ᠤᠨ ᠨᠥᠭᠡᠴᠡ ᠶᠢ ᠪᠦᠷᠢᠳᠬᠡᠬᠦ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠪᠣᠯᠤᠨ ᠠᠮᠤ | ᠪᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠮᠲᠤᠷᠠᠯᠴᠠᠭᠠᠨ ᠤ ᠵᠢᠯᠣᠭᠤᠳᠬᠤ ᠠᠵᠢᠯ ᠢ ᠡᠭᠦᠷᠭᠡᠯᠡᠨ᠎ᠡ᠃ | ᠠᠮᠤ ᠪᠤᠳᠠᠭ᠎ᠠ ᠪᠣᠯᠤᠨ ᠡᠳ᠋ ᠪᠣᠳᠠᠰ ᠨᠥᠭᠡᠴᠡᠯᠡᠬᠦ ᠵᠠᠬ᠎ᠠ ᠳᠡᠯᠭᠡᠭᠦᠷ ᠢ ᠵᠠᠳᠠᠯᠬᠤ᠂ ᠬᠢᠨᠠᠨ ᠬᠡᠮᠵᠢᠵᠦ ᠰᠡᠷᠡᠮᠵᠢᠯᠡᠭᠦᠯᠬᠦ | ᠪᠠ ᠪᠠᠴᠢᠮ ᠪᠠᠶᠢᠳᠠᠯ ᠢ ᠠᠷᠭᠠᠴᠠᠭᠠᠬᠤ ᠲᠣᠤᠷ ᠰᠦᠯᠵᠢᠶᠡᠨ ᠤ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ | ᠰᠢᠶᠠᠨ ᠤ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ᠂ ᠠᠮᠤ ᠪᠤᠳᠠᠭᠠᠨ ᠤ ᠭᠦᠢᠯᠭᠡᠭᠡᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ | ᠬᠥᠭᠵᠢᠯᠲᠡ ᠶᠢ ᠲᠦᠯᠬᠢᠨ ᠠᠬᠢᠭᠤᠯᠵᠤ᠂ ︽ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ︾ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ | ᠥᠭᠡᠷᠡᠴᠢᠯᠡᠯᠲᠡᠡ ᠪᠠ ᠬᠥᠭᠵᠢᠯᠲᠡ ᠶᠢ ᠠᠬᠢᠭᠤᠯᠤᠨ᠎ᠠ᠃ ᠠᠮᠤ ᠪᠤᠳᠠᠭᠠᠨ ᠤ ᠭᠦᠢᠯᠭᠡᠭᠡᠨ ᠪᠠ ᠡᠳ᠋ ᠪᠣᠳᠠᠰ | ᠨᠥᠭᠡᠴᠡᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠶᠢ | ᠵᠢᠯᠣᠭᠤᠳᠴᠤ᠂ ᠠᠮᠤ ᠪᠤᠳᠠᠭᠠᠨ ᠤ ᠭᠦᠢᠯᠭᠡᠭᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠠᠮᠤ ᠪᠤᠳᠠᠭ᠎ᠠ ᠶᠢ | ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠢ ᠲᠦᠯᠬᠢᠨ ᠠᠬᠢᠭᠤᠯᠤᠨ᠎ᠠ᠃ ᠠᠮᠤ ᠪᠤᠳᠠᠭᠠᠨ ᠤ ᠠᠵᠤ ᠦᠢᠯᠡᠰ ᠤᠨ | ᠠᠵᠤ ᠠᠬᠤᠶ ᠶᠢᠨ ᠠᠵᠢᠯᠯᠠᠭᠠᠨ ᠪᠠ ᠵᠠᠳᠠᠯᠤᠯᠲᠠ ᠶᠢᠨ ᠠᠵᠢᠯ ᠢ ᠡᠭᠦᠷᠭᠡᠯᠡᠨ᠎ᠡ᠃ | ᠡᠳ᠋ ᠪᠣᠳᠠᠰ ᠨᠥᠭᠡᠴᠡᠯᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠤᠭ᠎ᠠ ᠬᠡᠮᠵᠢᠶ᠎ᠡ᠂ | ᠶᠠᠰᠤ ᠴᠢᠨᠠᠷ ᠪᠠ ᠬᠠᠳᠠᠭᠠᠯᠠᠯᠲᠠ ᠶᠢᠨ ᠠᠮᠤᠷ ᠲᠦᠪᠰᠢᠨ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠬᠦᠨᠳᠦ ᠶᠡᠭᠡ | ᠬᠡᠷᠡᠭ ᠢ ᠪᠠᠶᠢᠴᠠᠭᠠᠨ ᠰᠢᠢᠳᠪᠤᠷᠢᠯᠡᠬᠦ ᠪᠠ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠤᠷᠢᠯᠡᠬᠦ ᠠᠵᠢᠯ ᠢ | ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ | ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯ ᠦᠭᠡᠶ ᠪᠠ ᠬᠠᠷ᠎ᠠ ᠠᠮᠤ ᠶᠢᠨ ᠡᠷᠡᠭᠦᠯ ᠬᠠᠮᠠᠭᠠᠯᠠᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠠᠮᠤ ᠪᠤᠳᠠᠭᠠᠨ ᠤ ᠠᠵᠢᠯ ᠲᠥᠷᠥᠯ ᠤᠨ ᠵᠠᠰᠠᠭ | ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ | ︵ᠠᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ︵ᠬᠠᠷᠢᠭᠤᠴᠠᠯᠭᠠᠲᠠᠨ᠄ ᠯᠢ ᠢᠦᠶ ᠰᠢᠶᠠᠩ | 13848448661︶ | ᠲᠤᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠦᠢᠴᠡᠳᠬᠡᠬᠦ | ᠴᠤᠪᠤᠷᠠᠯ ᠳᠤ ᠲᠣᠬᠢᠷᠠᠭᠤᠯᠤᠯᠲᠠ ᠬᠢᠬᠦ ᠰᠠᠨᠠᠯ ᠢ ᠰᠤᠳᠤᠯᠤᠨ ᠳᠤᠷᠠᠳᠬᠤ ᠶᠢᠨ ᠬᠠᠮᠲᠤ ᠪᠣᠳᠠᠲᠠᠶ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ︔ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠪᠤᠶᠤ ᠬᠢᠨᠠᠨ ᠵᠥᠪᠰᠢᠶᠡᠷᠡᠬᠦ᠂ | ᠬᠠᠷᠭᠤᠭᠤᠯᠤᠨ ᠳᠠᠩᠰᠠᠯᠠᠭᠤᠯᠬᠤ ᠠᠵᠢᠯ ᠢ ᠬᠠᠷᠢᠭᠤᠴᠠᠨ᠎ᠠ︔ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ | ᠰᠦᠢᠳᠬᠡᠯ ᠬᠤᠷᠢᠶᠠᠬᠤ ᠵᠥᠪᠰᠢᠶᠡᠷᠡᠯ ᠤᠨ ᠦᠨᠡᠮᠯᠡᠯ ᠵᠢᠴᠢ ᠡᠵᠡᠩᠨᠡᠯᠲᠡ ᠶᠢᠨ ᠴᠢᠨᠠᠷᠲᠠᠶ ᠰᠦᠢᠳᠬᠡᠯ ᠬᠤᠷᠢᠶᠠᠬᠤ | ᠦᠨᠡᠮᠯᠡᠯ ᠢ ᠬᠢᠨᠠᠨ ᠣᠯᠭᠤᠬᠤ ᠪᠠ ᠣᠨ ᠤ ᠬᠢᠨᠠᠯᠲᠠ ᠶᠢᠨ ᠠᠵᠢᠯ ᠢ ᠬᠠᠷᠢᠭᠤᠴᠠᠨ᠎ᠠ︔ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠠᠢ ᠬᠤᠯᠪᠣᠭᠳᠠᠬᠤ ᠪᠤᠰᠤᠳ ᠵᠦᠢᠯ ᠤᠳ ᠢ ᠬᠠᠷᠢᠭᠤᠴᠠᠨ᠎ᠠ᠃ | ︵ᠠᠷᠪᠠᠨ ᠨᠢᠭᠡ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠡᠷᠦᠩᠬᠡᠶᠢᠯᠡᠨ | ᠵᠣᠬᠢᠴᠠᠭᠤᠯᠬᠤ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ︵ᠬᠠᠷᠢᠭᠤᠴᠠᠯᠭᠠᠲᠠᠨ᠄ ᠸᠧᠶ ᠸᠧᠶ | 15848039445︶ | ᠪᠦᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ | ᠵᠢᠴᠢ ᠭᠠᠵᠠᠷ ᠳᠣᠤᠷᠠᠬᠢ ᠪᠡᠯᠡᠳᠬᠡᠯ ᠱᠤᠭᠤᠮ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ | ᠪᠣᠯᠤᠨ ᠣᠷᠣᠨ ᠨᠤᠲᠤᠭ ᠤᠨ ᠪᠠᠷᠢᠮᠵᠢᠶ᠎ᠠ ᠶᠢᠨ ᠵᠢᠷᠤᠮᠵᠢᠯ ᠢ ᠬᠠᠷᠢᠭᠤᠴᠠᠨ ᠲᠣᠭᠲᠠᠭᠠᠬᠤ ᠬᠡᠷᠡᠭᠲᠡᠶ᠃ ᠪᠦᠬᠦ ᠰᠢᠶᠠᠨ ᠤ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠵᠢᠴᠢ | ᠪᠦᠲᠦᠭᠡᠨ ᠪᠠᠶᠢᠭᠤᠯᠬᠤ᠂ ᠬᠠᠮᠠᠭᠠᠯᠠᠵᠤ ᠬᠠᠮᠢᠶᠠᠷᠬᠤ᠂ ᠨᠡᠶᠢᠭᠡᠮ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠪᠠᠴᠢᠮ | ᠪᠠᠶᠢᠳᠠᠯ ᠢ ᠠᠷᠭᠠᠴᠠᠨ ᠲᠤᠰᠠᠯᠠᠬᠤ ᠪᠠᠲᠤᠯᠠᠭ᠎ᠠ ᠳᠤ ᠣᠷᠣᠯᠴᠠᠬᠤ ᠪᠠ ᠡᠩ ᠤᠨ ᠦᠶ᠎ᠡ ᠪᠠ ᠳᠠᠶᠢᠨ ᠤ ᠦᠶ᠎ᠡ ᠶᠢᠨ | ᠰᠣᠯᠢᠭᠳᠠᠯ ᠢ ᠵᠢᠯᠣᠭᠤᠳᠤᠨ ᠰᠢᠮᠳᠠᠭᠤᠯᠤᠨ ᠵᠢᠯᠣᠭᠤᠳᠤᠨ᠎ᠠ᠃ ᠪᠦᠬᠦ ᠰᠢᠶᠠᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠠᠮᠠᠭᠠᠯᠠᠯᠲᠠ ᠶᠢᠨ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠬᠠᠮᠢᠶᠠᠷᠴᠤ᠂ ᠬᠤᠲᠠ ᠶᠢᠨ | ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠰᠢᠶᠠᠨ ᠤ | ᠬᠥᠮᠦᠨ ᠠᠮᠠ ᠶᠢ ᠲᠠᠷᠬᠠᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠵᠤ᠂ ᠪᠦᠬᠦ ᠰᠢᠶᠠᠨ ᠤ ᠬᠥᠮᠦᠨ ᠠᠮᠠ ᠶᠢ ᠲᠠᠷᠬᠠᠭᠠᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠵᠢᠴᠢ ᠬᠡᠷᠡᠭᠯᠡᠭᠡᠨ ᠤ ᠠᠵᠢᠯ ᠢ ᠵᠣᠬᠢᠶᠠᠨ | ᠪᠠᠶᠢᠭᠤᠯᠵᠤ ᠠᠬᠢᠭᠤᠯᠤᠨ᠎ᠠ᠃ ᠪᠦᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠣᠳᠠᠲᠤ ᠬᠦᠴᠦᠨ ᠤ | ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ᠂ ᠠᠷᠠᠳ ᠤᠨ | ᠠᠭᠠᠷ ᠤᠨ ᠰᠡᠷᠭᠡᠶᠢᠯᠡᠯᠲᠡ᠂ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ᠂ ᠰᠢᠨᠵᠢᠯᠡᠬᠦ ᠤᠬᠠᠭᠠᠨ ᠮᠡᠷᠭᠡᠵᠢᠯ ᠤᠨ | ᠮᠡᠳᠡᠭᠡ ᠵᠠᠩᠭᠢ᠂ ᠰᠢᠨ᠎ᠡ ᠣᠷᠣᠨ ᠰᠢᠨ᠎ᠡ ᠴᠢᠨᠠᠷ ᠵᠡᠷᠭᠡ ᠬᠦᠷᠢᠶᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠪᠡᠯᠡᠳᠬᠡᠯ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠬᠠᠷᠢᠭᠤᠴᠠᠨ᠎ᠠ᠃ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠬᠡᠷᠡᠭᠴᠡᠭᠡ ᠶᠢ ᠵᠣᠯᠭᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠳᠠᠯᠳᠠ ᠬᠦᠴᠦᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠵᠡᠷᠭᠡ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ | ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠡᠩ ᠤᠨ ᠦᠶ᠎ᠡ ᠪᠠ ᠳᠠᠶᠢᠨ ᠤ ᠦᠶ᠎ᠡ ᠶᠢᠨ | ᠬᠤᠪᠢᠷᠠᠯᠲᠠ ᠶᠢ ᠵᠣᠬᠢᠴᠠᠭᠤᠯᠤᠨ ᠥᠷᠨᠢᠭᠦᠯᠵᠦ᠂ ᠠᠷᠠᠳ ᠤᠨ ᠵᠡᠪᠰᠡᠭᠲᠦ ᠬᠦᠴᠦᠨ ᠤ ᠳᠠᠶᠢᠴᠢᠯᠠᠯᠲᠠ ᠶᠢᠨ ᠠᠵᠢᠯ ᠢ | ᠬᠠᠮᠵᠢᠯᠴᠠᠨ ᠵᠣᠬᠢᠶᠠᠨ ᠪᠠᠶᠢᠭᠤᠯᠤᠨ᠎ᠠ᠃ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠤᠷᠠᠯ ᠤᠨ ᠪᠡᠯᠡᠳᠬᠡᠯ᠂ ᠲᠤᠬᠠᠶᠢᠯᠠᠭᠰᠠᠨ ᠠᠵᠢᠯ ᠢ | ᠵᠣᠬᠢᠴᠠᠭᠤᠯᠬᠤ᠂ ᠡᠬᠡ ᠨᠣᠣᠷᠠᠭ ᠲᠤᠭᠤᠷᠪᠢᠬᠤ ᠵᠡᠷᠭᠡ ᠠᠵᠢᠯ ᠢ ᠡᠭᠦᠷᠭᠡᠯᠡᠨ᠎ᠡ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠦᠯ ᠲᠥᠯᠥᠪᠯᠡᠭᠡ ᠨᠠᠶᠢᠷᠠᠭᠤᠯᠤᠨ ᠵᠣᠬᠢᠶᠠᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠦᠲᠦᠭᠡᠨ ᠪᠠᠶᠢᠭᠤᠯᠤᠯᠲᠠ ᠶᠢ | ᠬᠠᠷᠢᠭᠤᠴᠠᠨ᠎ᠠ᠃ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠬᠤᠪᠢᠷᠠᠭᠤᠯᠤᠨ ᠬᠡᠷᠡᠭᠯᠡᠬᠦ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠳᠠᠶᠢᠨ ᠤ ᠪᠡᠯᠡᠳᠬᠡᠯ ᠤᠨ ᠳᠦᠷᠢᠮ ᠢ ᠬᠠᠷᠢᠭᠤᠴᠠᠨ | ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠡᠯ᠎ᠡ ᠬᠦᠷᠢᠶᠡᠨ ᠤ | ᠲᠤᠰᠬᠠᠶ ᠮᠡᠷᠭᠡᠵᠢᠯ ᠤᠨ ᠪᠠᠲᠤᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠣᠯᠪᠠᠰᠤᠷᠠᠯ ᠰᠣᠷᠢᠯᠲᠠ ᠶᠢ ᠵᠢᠯᠣᠭᠤᠳᠤᠨ | ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠮᠰᠢᠭ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠶᠢᠨ ᠲᠤᠰᠠᠯᠠᠬᠤ ᠡᠭᠦᠷᠭᠡ ᠶᠢ ᠭᠦᠢᠴᠡᠳᠬᠡᠨ᠎ᠡ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠤᠨ ᠲᠤᠭᠤᠰᠢᠯᠠᠭᠤᠯᠬᠤ ᠶᠢ ᠬᠠᠷᠢᠭᠤᠴᠠᠨ᠎ᠠ᠃ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢᠨ | ᠠᠵᠢᠯ ᠢ ᠨᠢᠭᠡᠳᠦᠯᠲᠡᠶ ᠲᠥᠯᠥᠪᠯᠡᠨ ᠲᠣᠭᠲᠠᠭᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠡᠭᠦᠷᠭᠡᠯᠡᠵᠦ᠂ | ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠥᠷᠥᠯ ᠵᠤᠶᠢᠯ ᠢ ᠬᠢᠨᠠᠨ | ᠵᠥᠪᠰᠢᠶᠡᠷᠡᠬᠦ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠦᠬᠦ | ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠥᠷᠥᠯ ᠵᠤᠶᠢᠯ ᠤᠨ ᠪᠦᠲᠦᠭᠡᠨ | ᠪᠠᠶᠢᠭᠤᠯᠤᠯᠲᠠ ᠪᠠ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠤᠨ᠎ᠠ᠃ ᠬᠠᠮᠢᠶ᠎ᠠ ᠪᠦᠬᠦᠢ | ᠨᠢᠭᠡᠴᠡ ᠶᠢ ᠵᠣᠬᠢᠴᠠᠭᠤᠯᠵᠤ ᠪᠠᠶᠢᠭᠠᠳ ᠲᠤᠰ ᠬᠦᠷᠢᠶᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠲᠥᠰᠥᠯ ᠢ ᠲᠣᠭᠲᠠᠭᠠᠨ᠎ᠠ᠃ ᠴᠡᠷᠢᠭ ᠤᠨ ᠶᠠᠪᠤᠳᠠᠯ ᠤᠨ ᠪᠡᠯᠡᠳᠬᠡᠮᠵᠢ ᠶᠢᠨ ᠬᠠᠮᠠᠭᠠᠯᠠᠯᠲᠠ ᠶᠢᠨ | ᠠᠵᠢᠯ ᠢ ᠵᠢᠯᠣᠭᠤᠳᠤᠨ ᠵᠣᠬᠢᠴᠠᠭᠤᠯᠬᠤ ᠪᠠ ᠨᠠᠶᠢᠳᠠᠪᠤᠷᠢᠵᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ | ᠴᠡᠷᠢᠭ ᠤᠨ ᠶᠠᠪᠤᠳᠠᠯ ᠤᠨ ᠪᠡᠯᠡᠳᠬᠡᠮᠵᠢ ᠶᠢᠨ ᠬᠠᠮᠠᠭᠠᠯᠠᠯᠲᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ | ᠴᠡᠷᠢᠭ ᠤᠨ ᠶᠠᠪᠤᠳᠠᠯ ᠤᠨ ᠪᠡᠯᠡᠳᠬᠡᠮᠵᠢ ᠶᠢᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ | ᠵᠣᠬᠢᠶᠠᠨ ᠪᠠᠶᠢᠭᠤᠯᠵᠤ ᠲᠤᠭᠤᠷᠪᠢᠨ᠎ᠠ᠃ ᠣᠷᠣᠨ ᠨᠤᠲᠤᠭ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠢ ᠵᠢᠯᠣᠭᠤᠳᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠂ ᠪᠥᠲᠥᠭᠡᠨ ᠪᠠᠶᠢᠭᠤᠯᠬᠤ ᠠᠭᠤᠯᠭ᠎ᠠ᠂ | ᠴᠢᠬᠤᠯᠠ ᠠᠵᠤ ᠠᠬᠤᠶ ᠶᠢᠨ ᠬᠠᠷᠠᠯᠲᠠ ᠪᠠ ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠤᠨ᠎ᠠ᠃ | ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠭᠡᠷ ᠲᠤ ︽ᠰᠢᠶᠠᠨ ᠤ ᠲᠤᠰ | ᠱᠠᠲᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ | ᠴᠤᠭᠯᠠᠭᠤᠯᠬᠤ᠂ ᠬᠡᠷᠡᠭᠯᠡᠬᠦ᠂ ᠬᠠᠮᠢᠶᠠᠷᠬᠤ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠵᠢᠯ ᠢ ᠳᠠᠶᠢᠴᠢᠯᠠᠨ᠎ᠠ᠃ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠵᠠᠷᠤᠳᠠᠯ ᠢ ᠬᠡᠷᠡᠭᠯᠡᠬᠦ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ︾ ᠤᠨ | ᠡᠭᠦᠷᠭᠡ ᠬᠠᠷᠢᠭᠤᠴᠠᠯᠭ᠎ᠠ ᠶᠢ ᠡᠷᠬᠡ ᠮᠡᠳᠡᠯ ᠤᠨ ᠶᠣᠰᠣᠭᠠᠷ ᠬᠢᠨᠠᠨ ᠪᠠᠶᠢᠴᠠᠭᠠᠨ᠎ᠠ᠃ | ᠬᠠᠷᠢᠭᠤᠴᠠᠯᠭᠠᠲᠠᠨ ᠤ ᠣᠪᠣᠭ ᠨᠡᠷ᠎ᠡ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - | 18᠄ 00 | ᠠᠯᠪᠠᠯᠠᠬᠤ ᠤᠲᠠᠰᠤ᠄ 0474 - 7212070 | ᠨᠢᠭᠡᠴᠡ ᠶᠢᠨ ᠬᠠᠶ᠋ᠢᠭ᠄ ᠰᠢᠩ ᠾᠧ ᠰᠢᠶᠠᠨ ᠤ ᠬᠤᠲᠠ ᠶᠢᠨ ᠪᠣᠭᠤᠮᠲᠠ ᠪᠠᠯᠭᠠᠰᠤ ᠰᠢᠩ ᠾᠧ ᠶᠡᠭᠡ | ᠵᠠᠮ ᠤᠨ ᠡᠳ᠋ ᠤᠨ ᠵᠠᠰᠠᠭ ᠤᠨ ᠲᠣᠪᠴᠢᠶᠠᠨ ᠤ ᠶᠡᠭᠡ ᠠᠰᠠᠷ ᠤᠨ 10 ᠳ᠋ᠤᠭᠠᠷ ᠳᠠᠪᠬᠤᠷ | | | |