ᠰᠢᠩ ᠾᠧ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2025/3/30
     ᠭᠤᠣᠯ ᠡᠭᠦᠷᠭᠡ ᠬᠠᠷᠢᠭᠤᠴᠠᠯᠭ᠎ᠠ᠄      1. ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠠᠷᠠᠳ ᠤᠯᠠᠨ ᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠲᠡᠭᠦᠨ ᠤ ᠭᠤᠣᠯ ᠤᠳᠤᠷᠢᠳᠬᠤ ᠬᠥᠮᠦᠰ ᠲᠤ ᠥᠭᠭᠦᠭᠰᠡᠨ ᠵᠠᠬᠢᠳᠠᠯ ᠢ ᠬᠦᠯᠢᠶᠡᠨ ᠠᠪᠴᠤ᠂ ᠤᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠬᠦᠨᠳᠦ ᠶᠡᠭᠡ ᠬᠦᠴᠢᠷ ᠲᠦᠪᠡᠭᠲᠡᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠪᠠᠳᠠᠨ ᠵᠣᠬᠢᠴᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠨ᠎ᠠ᠃      2. ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠲᠤᠰᠢᠶᠠᠨ ᠰᠢᠢᠳᠪᠤᠷᠢᠯᠡᠭᠦᠯᠥᠭᠰᠡᠨ ᠵᠠᠬᠢᠳᠠᠯ ᠰᠤᠷᠪᠤᠯᠵᠢᠯᠠᠯ ᠤᠨ ᠵᠤᠶᠢᠯᠡᠰ ᠢ ᠳᠠᠭᠠᠭᠠᠨ  ᠭᠦᠢᠴᠡᠳᠭᠡᠵᠤ᠂ ᠤᠳᠤᠷᠢᠳᠬᠤ ᠨᠥᠬᠦᠳ ᠤᠨ ᠴᠣᠬᠤᠯᠠᠪᠤᠷᠢ ᠶᠢ  ᠰᠢᠢᠳᠪᠤᠷᠢᠯᠡᠬᠦ ᠪᠠ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠵᠤ᠂ ᠦᠷ᠎ᠡ ᠳ᠋ᠦᠩ ᠤᠨ ᠬᠡᠷᠡᠭ ᠢ ᠰᠢᠭᠦᠨ ᠳᠠᠭᠤᠰᠬᠠᠪᠠ᠃      3. ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠴᠢᠬᠤᠯᠠ ᠵᠠᠬᠢᠳᠠᠯ ᠰᠤᠷᠪᠤᠯᠵᠢᠯᠠᠭ᠎ᠠ᠂ ᠣᠯᠠᠨ ᠲᠦᠮᠡᠨ ᠬᠠᠮᠲᠤ ᠪᠠᠷ ᠪᠡᠭᠡᠵᠢᠩ ᠳᠤ ᠣᠴᠢᠬᠤ᠂ ᠬᠤᠲᠠ᠂ ᠰᠢᠶᠠᠨ ᠳᠤ ᠢᠷᠡᠵᠦ ᠰᠤᠷᠪᠤᠯᠵᠢᠯᠠᠬᠤ ᠪᠠ ᠭᠡᠨᠡᠳᠲᠡ ᠡᠭᠦᠰᠦᠭᠰᠡᠨ ᠳᠡᠭᠡᠭᠰᠢ ᠰᠤᠷᠪᠤᠯᠵᠢᠯᠠᠬᠤ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ︔ ᠴᠢᠬᠤᠯᠠ ᠬᠡᠷᠡᠭ ᠲᠤ ᠬᠢᠨᠠᠯᠲᠠ ᠲᠠᠯᠪᠢᠬᠤ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠳᠤᠷᠠᠳᠤᠨ᠎ᠠ᠃      4. ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠵᠢᠱᠢᠵᠦ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠠᠷᠠᠳ ᠣᠯᠠᠨ ᠤ ᠵᠦᠶ ᠵᠣᠬᠢᠰᠲᠠᠶ ᠰᠠᠨᠠᠭᠤᠯᠭ᠎ᠠ ᠶᠢ ᠡᠯᠰᠡᠨ ᠴᠤᠭᠯᠠᠭᠤᠯᠵᠤ᠂ ᠴᠠᠭ ᠲᠤᠬᠠᠶ ᠳᠤᠨᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢ ᠬᠠᠩᠭᠠᠬᠤ ᠶᠢᠨ ᠬᠠᠮᠲᠤ ᠴᠢᠬᠤᠯᠠ ᠠᠰᠠᠭᠤᠳᠠᠯ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃      5. ᠪᠥᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠴᠤ᠂ ᠠᠵᠢᠯ ᠤᠨ ᠲᠤᠷᠰᠢᠯᠭ᠎ᠠ ᠪᠠᠨ ᠵᠣᠬᠢᠶᠠᠨ ᠪᠠᠶᠢᠭᠤᠯᠤᠨ ᠰᠣᠯᠢᠯᠴᠠᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠪᠥᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠠᠯᠪᠠᠨ ᠠᠵᠢᠯ ᠤᠨ ᠠᠦ᠋ᠲ᠋ᠣᠴᠢᠯᠠᠭᠰᠠᠨ ᠪᠠᠶᠢᠭᠤᠯᠤᠯᠲᠠ ᠶᠢ ᠵᠢᠯᠣᠭᠤᠳᠤᠨ᠎ᠠ᠃      6. ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠤᠶᠠᠷ ᠬᠤᠷᠠᠯ᠂ ᠰᠢᠶᠠᠨ ᠤ ᠴᠢᠬᠤᠯᠠ ᠶᠡᠭᠡ ᠪᠠᠶᠠᠷ ᠤᠨ ᠡᠳᠦᠷ᠂ ᠴᠢᠬᠤᠯᠠ ᠠᠵᠢᠯᠯᠠᠭ᠎ᠠ ᠶᠢᠨ ᠵᠠᠬᠢᠳᠠᠯ ᠰᠤᠷᠪᠤᠯᠵᠢᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      7. ᠵᠠᠬᠢᠳᠠᠯ ᠰᠤᠷᠪᠤᠯᠵᠢᠯᠠᠯ ᠤᠨ ᠠᠵᠢᠯ ᠤᠨ ᠤᠬᠠᠭᠤᠯᠭ᠎ᠠ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ ᠵᠠᠬᠢᠳᠠᠯ ᠰᠤᠷᠪᠤᠯᠵᠢᠯᠠᠯ ᠤᠨ ᠠᠵᠢᠯ ᠢ ᠵᠣᠬᠢᠴᠠᠭᠤᠯᠤᠭᠰᠠᠨ ᠭᠠᠵᠠᠷ ᠣᠷᠣᠨ ᠤ ᠬᠤᠭᠤᠷᠣᠨᠳᠣᠬᠢ ᠠᠵᠢᠯᠯᠠᠭ᠎ᠠ      8. ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠭᠦᠢᠴᠡᠳᠬᠡᠨ᠎ᠡ᠃      ᠳᠣᠲᠣᠭᠠᠳᠤ ᠶᠢᠨ ᠪᠠᠶᠢᠭᠤᠯᠤᠮᠵᠢ᠄      ᠨᠢᠭᠡ᠂ ᠶᠡᠷᠥᠩᠬᠡᠶᠢᠯᠡᠭᠰᠡᠨ ᠠᠯᠪᠠᠨ ᠭᠡᠷ      ᠶᠡᠷᠦᠩᠬᠡᠢ ᠠᠯᠪᠠᠨ ᠭᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ      ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠲᠤᠭ᠎ᠠ ᠪᠠᠷᠢᠮᠲᠠ ᠶᠢ ᠪᠦᠷᠢᠳᠬᠡᠬᠦ᠂ ᠵᠠᠷᠯᠠᠨ ᠳᠠᠷᠤᠮᠠᠯᠯᠠᠨ ᠲᠠᠷᠬᠠᠭᠠᠬᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠪᠠ ᠵᠠᠬᠢᠳᠠᠯ ᠰᠤᠷᠪᠤᠯᠵᠢᠯᠠᠯ ᠤᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠵᠡᠷᠭᠡ ᠶᠢ ᠡᠭᠦᠷᠭᠡᠯᠡᠨ᠎ᠡ ᠃ ᠵᠠᠬᠢᠳᠠᠯ ᠰᠤᠷᠪᠤᠯᠵᠢᠯᠠᠯ ᠤᠨ ᠶᠡᠷᠦᠩᠬᠡᠶᠢᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠠᠰᠠᠭ ᠤᠨ ᠶᠠᠪᠤᠳᠠᠯ ᠢ ᠵᠠᠳᠠᠯᠵᠤ ᠂ ᠨᠠᠮ ᠤᠨ ᠶᠠᠪᠤᠳᠠᠯ ᠢ ᠵᠠᠳᠠᠯᠵᠤ᠂ ᠵᠢᠯᠣᠭᠤᠳᠬᠤ ᠰᠠᠨᠠᠯ ᠳᠤᠷᠠᠳᠪᠠ᠃ ᠪᠦᠬᠦ ᠲᠠᠯ᠎ᠠ ᠶᠢᠨ ᠵᠠᠬᠢᠳᠠᠯ ᠰᠤᠷᠪᠤᠯᠵᠢᠯᠠᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠢ ᠬᠠᠯᠠᠨ ᠰᠠᠶᠢᠵᠢᠷᠠᠭᠤᠯᠬᠤ ᠪᠠ ᠴᠢᠩᠭᠠᠳᠬᠠᠬᠤ ᠰᠠᠨᠠᠯ ᠰᠠᠨᠠᠭᠤᠯᠭ᠎ᠠ ᠳᠤᠷᠠᠳᠤᠨ᠎ᠠ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬᠢᠳᠠᠯ ᠰᠣᠷᠪᠣᠯᠵᠢᠯᠠᠯ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠵᠢᠴᠢ ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠵᠡᠷᠭᠡ ᠶᠢ ᠬᠠᠷᠢᠭᠤᠴᠠᠨ᠎ᠠ᠃ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠨᠡᠶᠢᠭᠡᠮ ᠤᠨ ᠳᠠᠭᠠᠳᠬᠠᠯ᠂ ᠳᠠᠩᠰᠠ ᠡᠪᠬᠡᠮᠡᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ ᠵᠢᠴᠢ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠯ ᠤᠨ ᠡᠩᠨᠡᠭᠡᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠳᠠᠭᠠᠳᠤ ᠰᠣᠯᠢᠯᠴᠠᠭ᠎ᠠ ᠪᠠ ᠲᠣᠪᠴᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠢ ᠡᠭᠦᠷᠭᠡᠯᠡᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠭᠦᠷᠭᠡᠯᠡᠨ᠎ᠡ᠃ ᠨᠠᠮ ᠤᠨ ᠡᠭᠦᠷ ᠤᠨ ᠰᠤᠷᠤᠯᠴᠠᠯᠭ᠎ᠠ ᠶᠢᠨ ᠲᠡᠮᠳᠡᠭᠯᠡᠯ᠂ ᠬᠤᠷᠠᠯ ᠤᠨ ᠲᠡᠮᠳᠡᠭᠯᠡᠯ᠂ ᠬᠤᠷᠠᠯ ᠤᠨ ᠲᠣᠪᠴᠢ ᠪᠣᠯᠤᠨ ᠨᠠᠮ ᠤᠨ ᠪᠠᠶᠢᠭᠤᠯᠤᠯᠲᠠ ᠶᠢᠨ ᠠᠵᠢᠯ᠂ ᠶᠠᠳᠠᠭᠤ ᠶᠢ ᠲᠡᠳᠬᠦᠬᠦ ᠠᠵᠢᠯ᠂ ᠬᠠᠤᠯᠢ ᠲᠦᠭᠡᠮᠡᠯᠵᠢᠭᠦᠯᠦᠯᠲᠡ᠂ ᠬᠠᠤᠯᠢ ᠴᠠᠭᠠᠵᠠ ᠶᠢᠨ ᠤᠬᠠᠭᠤᠯᠭ᠎ᠠ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠢ ᠬᠠᠷᠢᠭᠤᠴᠠᠨ᠎ᠠ᠃ ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃          ᠬᠤᠶᠠᠷ᠂ ᠵᠠᠬᠢᠳᠠᠯ ᠥᠭᠴᠦ ᠬᠡᠷᠡᠭ ᠰᠢᠢᠳᠪᠦᠷᠢᠯᠡᠬᠦ ᠭᠡᠷ      ᠵᠠᠬᠢᠳᠠᠯ ᠰᠢᠢᠳᠪᠦᠷᠢᠯᠡᠬᠦ ᠮᠡᠳᠡᠭᠡ ᠵᠠᠩᠭᠢ ᠶᠢᠨ ᠲᠠᠰᠤᠭ ᠤᠨ ᠠᠵᠢᠯ ᠤᠨ ᠲᠤᠰᠢᠶᠠᠯ ᠬᠠᠷᠢᠭᠤᠴᠠᠯᠭ᠎ᠠ      ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠢᠷᠡᠭᠦᠯᠦᠭᠰᠡᠨ ᠵᠠᠬᠢᠳᠠᠯ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠩ ᠾᠧ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠣᠯᠤᠨ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠠᠬᠢᠳᠠᠯ ᠢ ᠳᠠᠭᠠᠭᠠᠨ ᠭᠦᠶ᠋ᠴᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠰᠢᠯᠵᠢᠭᠦᠯᠦᠨ ᠬᠦᠷᠭᠡᠭᠰᠡᠨ᠂ ᠲᠤᠰᠢᠶᠠᠨ ᠰᠢᠢᠳᠪᠤᠷᠢᠯᠡᠭᠦᠯᠥᠭᠰᠡᠨ ᠵᠠᠬᠢᠳᠠᠯ ᠤᠨ ᠵᠦᠢᠯᠡᠰ ᠢ ᠰᠢᠢᠳᠪᠤᠷᠢᠯᠡᠨ᠎ᠡ᠃ ᠰᠢᠩ ᠾᠧ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠨ ᠯᠠᠪᠯᠠᠬᠤ ᠤᠲᠠᠰᠤᠨ ᠤ ᠠᠵᠢᠯ ᠢ ᠡᠭᠦᠷᠭᠡᠯᠡᠨ᠎ᠡ᠃ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ ᠵᠠᠬᠢᠳᠠᠯ ᠢᠷᠡᠭᠦᠯᠬᠦ᠂ ᠲᠤᠰᠢᠶᠠᠨ ᠰᠢᠢᠳᠪᠦᠷᠢᠯᠡᠭᠦᠯᠬᠦ᠂ ᠰᠢᠪᠠᠳᠠᠨ ᠰᠢᠢᠳᠪᠦᠷᠢᠯᠡᠭᠦᠯᠬᠦ ᠪᠣᠯᠣᠨ᠎ᠠ᠃ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠤᠨ ᠪᠠᠶᠢᠳᠠᠯ ᠢ ᠪᠦᠷᠢᠳᠬᠡᠨ ᠵᠠᠳᠠᠯᠵᠤ ᠬᠤᠷᠢᠶᠠᠩᠭᠤᠶᠢᠯᠠᠵᠤ᠂ ᠴᠢᠬᠤᠯᠠ ᠵᠠᠬᠢᠳᠠᠯ ᠳᠠᠭᠠᠨ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠵᠢᠯ ᠤᠨ ᠰᠠᠨᠠᠭᠤᠯᠭ᠎ᠠ ᠪᠤᠶᠤ ᠰᠠᠨᠠᠯ ᠢᠶᠠᠨ ᠳᠤᠷᠠᠳᠬᠤ ᠬᠡᠷᠡᠭᠲᠡᠶ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠰᠢᠢᠳᠪᠦᠷᠢᠯᠡᠵᠦ᠂ ᠰᠤᠳᠤᠯᠵᠤ᠂ ᠮᠡᠳᠡᠭᠦᠯᠵᠦ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠯᠢᠶᠡᠨ ᠠᠪᠴᠤ ᠰᠢᠢᠳᠪᠦᠷᠢᠯᠡᠭᠰᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠲᠥᠷᠥᠯ ᠤᠨ ᠵᠠᠬᠢᠳᠠᠯ ᠰᠤᠷᠪᠤᠯᠵᠢᠯᠠᠯ ᠤᠨ ᠵᠦᠶ᠋ᠯᠡᠰ ᠢ ᠲᠤᠰᠢᠶᠠᠨ ᠰᠢᠢᠳᠪᠤᠷᠢᠯᠡᠭᠦᠯᠬᠦ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠠᠵᠢᠯ ᠢ ᠳᠠᠭᠠᠭᠠᠨ  ᠭᠦᠢᠴᠡᠳᠭᠡᠨ᠎ᠡ᠃ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠢᠢᠳᠪᠦᠷᠢᠯᠡᠬᠦ ᠠᠵᠢᠯ ᠢ ᠪᠠᠶᠢᠴᠠᠭᠠᠨ ᠵᠢᠯᠣᠭᠤᠳᠪᠠ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠲᠡᠷᠢᠭᠦᠯᠡᠭᠴᠢ ᠶᠢᠨ ᠵᠠᠬᠢᠳᠠᠯ ᠤᠨ ᠬᠠᠶᠢᠷᠴᠠᠭ᠂ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠰᠦᠯᠵᠢᠶ᠎ᠡ ᠵᠡᠷᠭᠡ ᠲᠣᠤᠷ ᠰᠦᠯᠵᠢᠶ᠎ᠡ ᠶᠢᠨ ᠠᠷᠭ᠎ᠠ ᠵᠠᠮ ᠢᠶᠠᠷ ᠳᠠᠮᠵᠢᠭᠤᠯᠤᠨ ᠳᠤᠷᠠᠳᠤᠭᠰᠠᠨ ᠵᠠᠬᠢᠳᠠᠯ ᠰᠤᠷᠪᠤᠯᠵᠢᠯᠠᠯ ᠤᠨ ᠵᠦᠢᠯ ᠢ ᠬᠦᠯᠢᠶᠡᠨ ᠠᠪᠴᠤ  ᠰᠢᠢᠳᠪᠤᠷᠢᠯᠡᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠲᠤ ᠳᠠᠮᠵᠢᠭᠤᠯᠤᠨ ᠬᠦᠷᠭᠡᠬᠦ᠂ ᠲᠤᠰᠢᠶᠠᠨ ᠭᠦᠢᠴᠡᠳᠬᠡᠯᠭᠡᠬᠦ᠂ ᠰᠢᠮᠳᠠᠭᠤᠯᠤᠨ ᠰᠢᠢᠳᠪᠤᠷᠢᠯᠡᠭᠦᠯᠬᠦ ᠬᠡᠷᠡᠭᠲᠡᠶ᠃ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠮᠵᠢᠭᠤᠯᠤᠨ ᠬᠦᠷᠭᠡᠬᠦ᠂ ᠲᠤᠰᠢᠶᠠᠨ ᠭᠦᠢᠴᠡᠳᠬᠡᠯᠭᠡᠬᠦ ᠰᠦᠯᠵᠢᠶᠡᠨ ᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠠᠭᠠᠭᠠᠨ ᠭᠦᠢᠴᠡᠳᠭᠡᠨ᠎ᠡ᠃ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠤᠨ ᠪᠠᠶᠢᠴᠠᠭᠠᠪᠠ᠃ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠳᠡᠯᠭᠡᠷᠡᠭᠦᠯᠬᠦ᠂ ᠡᠵᠡᠩᠨᠡᠬᠦ᠂ ᠬᠠᠮᠠᠭᠠᠯᠠᠬᠤ ᠶᠢ ᠬᠠᠷᠢᠭᠤᠴᠠᠨ᠎ᠠ︔ ᠪᠦᠬᠦ ᠲᠠᠯ᠎ᠠ ᠶᠢᠨ ᠰᠦᠯᠵᠢᠶᠡᠨ ᠤ ᠬᠡᠷᠡᠭᠯᠡᠯᠲᠡ ᠶᠢᠨ ᠮᠡᠷᠭᠡᠵᠢᠯ ᠤᠨ ᠳᠡᠮᠵᠢᠯᠭᠡ ᠪᠠ ᠵᠥᠭᠡᠯᠡᠨ ᠬᠠᠲᠠᠭᠤ ᠬᠡᠷᠡᠭᠰᠡᠯ ᠤᠨ ᠵᠢᠯᠣᠭᠤᠳᠬᠤ ᠠᠵᠢᠯ ᠢ ᠬᠠᠷᠢᠭᠤᠴᠠᠨ᠎ᠠ︔ ᠫᠤᠷᠲ᠋ᠤᠯ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠡᠵᠡᠩᠨᠡᠯᠲᠡ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ︔ ᠪᠦᠬᠦ ᠰᠢᠶᠠᠨ ᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢ ᠪᠦᠷᠢᠳᠬᠡᠨ ᠵᠠᠳᠠᠯᠬᠤ ᠰᠢᠰᠲ᠋ᠧᠮ ᠢ ᠳᠡᠯᠭᠡᠷᠡᠭᠦᠯᠬᠦ᠂ ᠪᠣᠯᠪᠠᠰᠤᠷᠠᠭᠤᠯᠬᠤ᠂ ᠡᠵᠡᠩᠨᠡᠬᠦ᠂ ᠬᠠᠮᠠᠭᠠᠯᠠᠬᠤ ᠶᠢ ᠬᠠᠷᠢᠭᠤᠴᠠᠨ᠎ᠠ︔ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠣᠶᠤᠨᠴᠢ ᠵᠠᠳᠠᠯᠤᠯᠲᠠ ᠶᠢᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠵᠡᠷᠭᠡ ᠠᠵᠢᠯ ᠢ ᠬᠠᠷᠢᠭᠤᠴᠠᠨ᠎ᠠ᠃      ᠭᠤᠷᠪᠠ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠭᠡᠷ      ᠰᠢᠮᠳᠠᠭᠤᠯᠤᠨ ᠪᠠᠶᠢᠴᠠᠭᠠᠬᠤ ᠲᠠᠰᠤᠭ ᠤᠨ ᠠᠵᠢᠯ ᠤᠨ ᠡᠭᠦᠷᠭᠡ ᠬᠠᠷᠢᠭᠤᠴᠠᠯᠭ᠎ᠠ      ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠣᠯᠤᠨ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠭᠰᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠨᠠᠷᠢᠨ ᠪᠤᠳᠤᠯᠢᠶᠠᠨᠲᠠᠶ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠤᠷᠢᠯᠡᠨ᠎ᠡ᠃ ︽ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠪᠠ ᠠᠵᠢᠯᠲᠠᠨ ᠤ ᠶᠠᠪᠤᠳᠠᠯ ᠢ ᠰᠠᠯᠭᠠᠬᠤ᠂ ᠬᠥᠮᠦᠨ ᠪᠠ ᠡᠷᠦᠬᠡ ᠶᠢ ᠰᠠᠯᠭᠠᠬᠤ ᠠᠵᠢᠯᠲᠠᠨ ᠤ ᠶᠠᠪᠤᠳᠠᠯ ᠤᠨ ᠡᠷᠦᠬᠡ ᠶᠢ ᠰᠠᠯᠭᠠᠬᠤ︾ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠵᠣᠯᠭᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠨᠴᠠᠭᠠᠶ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠠᠯᠠ ᠮᠥᠩᠭᠦ ᠶᠢ ᠬᠠᠮᠢᠶᠠᠷᠤᠨ ᠬᠡᠷᠡᠭᠯᠡᠬᠦ ᠶᠢᠨ ᠬᠠᠮᠲᠤ ᠵᠣᠬᠢᠴᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠨ᠎ᠠ᠃ ᠠᠵᠢᠯ ᠢᠶᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠠᠬᠢᠳᠠᠯ ᠰᠤᠷᠪᠤᠯᠵᠢᠯᠠᠯ ᠤᠨ ᠠᠵᠢᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ ᠳᠤᠷᠠᠳᠤᠨ᠎ᠠ᠃ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠢ ᠵᠢᠯᠣᠭᠤᠳᠤᠨ ᠪᠠᠶᠢᠴᠠᠭᠠᠨ᠎ᠠ᠃      ᠳᠥᠷᠪᠡ᠂ ᠰᠤᠷᠪᠤᠯᠵᠢᠯᠠᠭ᠎ᠠ ᠶᠢ ᠬᠦᠯᠢᠶᠡᠨ ᠠᠪᠬᠤ ᠭᠡᠷ      ᠰᠣᠷᠪᠤᠯᠵᠢᠯᠠᠬᠤ ᠶᠢ ᠬᠦᠯᠢᠶᠡᠨ ᠠᠪᠬᠤ ᠲᠠᠰᠤᠭ ᠤᠨ ᠡᠭᠦᠷᠭᠡ ᠬᠠᠷᠢᠭᠤᠴᠠᠯᠭ᠎ᠠ      ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠬᠤ ᠶᠢ ᠬᠠᠷᠢᠭᠤᠴᠠᠵᠤ᠂ ᠰᠤᠷᠪᠤᠯᠵᠢᠯᠠᠬᠤ ᠪᠠᠷ ᠢᠷᠡᠭᠰᠡᠨ ᠬᠥᠮᠦᠰ ᠤᠨ ᠮᠡᠳᠡᠭᠡ ᠵᠠᠩᠭᠢ ᠶᠢ ᠳᠠᠩᠰᠠᠯᠠᠨ᠎ᠠ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠷᠢᠭᠤᠴᠠᠯᠭᠠᠲᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠶᠢ ᠬᠠᠷᠢᠭᠤᠴᠠᠨ᠎ᠠ᠃      ᠭᠤᠣᠯ ᠬᠠᠷᠢᠭᠤᠴᠠᠯᠭᠠᠲᠠᠨ᠄ ᠪᠠᠶ ᠬᠤᠩ      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00      ᠬᠠᠶ᠋ᠢᠭ᠄ ᠥᠪᠥᠷ ᠮᠣᠩᠭᠤᠯ ᠤᠨ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠨᠢᠭᠡᠳᠦᠭᠡᠷ ᠵᠠᠰᠠᠮᠠᠯ ᠵᠠᠮ ᠤᠨ ᠤᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠰᠠᠷ ︵ᠠᠯᠲᠠᠨ ᠭᠠᠶᠢᠯᠢ ᠶᠢᠨ ᠪᠠᠭᠤᠳᠠᠯ ᠤᠨ ᠵᠡᠭᠦᠨ ᠲᠠᠯ᠎ᠠ︶      ᠬᠠᠷᠢᠯᠴᠠᠬᠤ ᠤᠲᠠᠰᠤ᠄ 0474 - 7210038      ᠢᠮᠧᠯ᠄ xhxhsx@163.com    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3