ᠰᠢᠩ ᠾᠧ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠡ
ᠨᠡᠶᠢᠲᠡᠯᠡᠭᠰᠡᠨ ᠴᠠᠭ᠄
2025/3/30
     ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠤᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠰᠢᠩ ᠾᠧ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2019 ᠣᠨ ᠳᠤ ᠵᠢᠩᠬᠢᠨᠢ ᠪᠠᠷ ᠪᠠᠶᠢᠭᠤᠯᠤᠭᠳᠠᠭᠰᠠᠨ ᠶᠠᠪᠤᠳᠠᠯ ᠪᠣᠯ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠨᠢᠭᠡ ᠪᠣᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠵᠦ ᠬᠠᠷᠠᠭᠠᠯᠵᠠᠬᠤ ᠵᠡᠷᠭᠡ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠠᠮᠢ ᠪᠡᠶ᠎ᠡ ᠪᠠᠨ ᠦᠷᠡᠭᠳᠡᠭᠦᠯᠵᠦ ᠬᠤᠪᠢ ᠨᠡᠮᠡᠷᠢ ᠦᠵᠡᠭᠦᠯᠬᠦ ᠣᠶᠤᠨ ᠰᠠᠨᠠᠭᠠᠨ ᠤ ᠬᠡᠪ ᠨᠠᠮᠪᠠ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ ᠢᠯᠡᠷᠡᠭᠦᠯᠦᠨ᠎ᠡ᠃      ︵ᠬᠤᠶᠠᠷ︶ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠠ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠠᠵᠢᠯ ᠤᠯᠬᠤ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠭᠤᠷᠪᠠ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠢ ᠳᠠᠭᠠᠵᠤ ᠰᠢᠯᠵᠢᠭᠰᠡᠨ ᠬᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃     ︵ᠲᠦᠷᠪᠡ︶ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠴᠡᠷᠢᠭ᠂ ᠨᠥᠬᠦᠴᠡᠯ ᠳᠤ ᠨᠡᠶᠢᠴᠡᠭᠰᠡᠨ ᠪᠤᠰᠤᠳ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠪᠠ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ᠂ ᠵᠢᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠡ᠃      ︵ᠲᠠᠪᠤ︶ ᠰᠢᠷᠬᠠᠲᠠᠶ ᠡᠪᠡᠳᠴᠢᠯᠡᠵᠦ ᠵᠡᠮᠳᠡᠭ ᠪᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠤᠶᠢᠯᠡᠴᠢᠯᠡᠭᠡᠨ ᠤ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠬᠠᠷᠢᠭᠤᠴᠠᠨ᠎ᠠ      ︵ᠵᠢᠷᠭᠤᠭ᠎ᠠ︶ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠬᠠᠷᠢᠭᠤᠴᠠᠵᠤ᠂ ᠠᠯᠪᠠᠨ ᠴᠡᠷᠢᠭ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠰᠣᠶᠣᠯ ᠤᠨ ᠠᠵᠢᠯᠲᠠᠨ ᠪᠠ ᠴᠡᠷᠢᠭ ᠤᠨ ᠭᠡᠷ ᠪᠦᠯᠢ ᠶᠢᠨ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ ᠬᠠᠷᠢᠭᠤᠴᠠᠵᠤ᠂ ᠭᠤᠮᠢᠨᠳᠠᠩ ᠤᠨ ᠳᠠᠶᠢᠨ ᠢ ᠡᠰᠡᠷᠭᠦᠴᠡᠬᠦ ᠠᠬᠠᠮᠠᠳ ᠴᠡᠷᠢᠭ ᠵᠡᠷᠭᠡ ᠬᠤᠯᠪᠣᠭᠳᠠᠯ ᠪᠦᠬᠦᠢ ᠬᠥᠮᠦᠰ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃    ︵ᠳᠤᠯᠤᠭ᠎ᠠ︶ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ ᠂ ᠴᠡᠷᠢᠭ ᠤᠨ ᠬᠥᠮᠦᠨ ᠤ ᠨᠡᠶᠢᠲᠡ ᠶᠢᠨ ᠣᠩᠭᠤᠨ ᠤ ᠬᠠᠮᠢᠶᠠᠷᠤᠯᠲᠠ ᠬᠠᠮᠠᠭᠠᠯᠠᠯᠲᠠ᠂ ᠪᠡᠯᠭᠡᠯᠡᠬᠦ ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠨᠢᠭᠡᠴᠡ ᠪᠣᠯᠤᠨ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠳ᠋ᠦᠩᠨᠡᠨ ᠰᠠᠶᠢᠰᠢᠶᠠᠬᠤ ᠪᠠ ᠤᠬᠠᠭᠤᠯᠤᠨ᠎ᠠ᠃      ︵ᠨᠠᠢᠮᠠ︶ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠶᠢᠰᠦ︶ ᠲᠤᠰ ᠰᠠᠯᠠᠭ᠎ᠠ ᠮᠦᠴᠢᠷ ᠢᠶᠠᠨ ᠰᠠᠶᠢᠳᠤᠷ ᠬᠢᠨ᠎ᠠ︶ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ᠃      ︵ᠠᠷᠪᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠤᠴᠢᠷ ᠶᠠᠪᠤᠳᠠᠯ ᠢ ᠡᠭᠦᠷᠭᠡᠯᠡᠨ᠎ᠡ᠃      ᠳᠣᠲᠣᠭᠠᠳᠤ ᠶᠢᠨ ᠪᠠᠶᠢᠭᠤᠯᠤᠮᠵᠢ᠄          ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠪᠠ ᠳᠦᠷᠢᠮ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠲᠥᠷᠥ ᠶᠢᠨ ᠪᠣᠳᠣᠯᠭ᠎ᠠ ᠶᠢ ᠰᠤᠳᠤᠯᠬᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠦᠵᠡᠯ ᠰᠬᠠᠭ᠎ᠠ ᠤᠯᠤᠰ ᠲᠥᠷᠥ᠂ ᠡᠷᠬᠡ ᠠᠰᠢᠭ ᠢ ᠬᠠᠮᠠᠬᠠᠯᠠᠬᠤ ᠪᠠ ᠠᠵᠢᠯ ᠣᠯᠬᠤᠵᠤ ᠤᠶᠢᠯᠡᠰ ᠪᠤᠰᠬᠠᠬᠤ᠃ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠳ᠋ᠦᠩᠨᠡᠨ ᠬᠥᠬᠢᠭᠦᠯᠬᠦ᠂ ᠢᠷᠠᠭᠤ ᠠᠯᠳᠠᠷ ᠤᠨ ᠱᠠᠩᠨᠠᠯ ᠣᠯᠭᠤᠬᠤ ᠠᠵᠢᠯ ᠢ ᠡᠭᠦᠷᠭᠡᠯᠡᠵᠦ᠂ ᠴᠡᠷᠢᠭ ᠠᠴᠠ ᠬᠠᠯᠠᠭᠳᠠᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠩᠭᠢ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠪᠠ ᠰᠤᠷᠭᠠᠨ ᠬᠥᠮᠦᠵᠢᠭᠦᠯᠵᠦ ᠪᠣᠯᠪᠠᠰᠤᠷᠠᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠵᠠᠭᠤᠴᠢ ᠦᠢᠯᠡᠴᠢᠯᠡᠭᠡᠨ ᠤ ᠠᠵᠢᠯ ᠢ ᠵᠢᠯᠣᠭᠤᠳᠤᠨ ᠥᠷᠨᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠠᠵᠢᠯᠲᠠᠨ ᠤ ᠶᠠᠪᠤᠳᠠᠯ ᠡᠳ᠋ ᠤᠨ ᠶᠠᠪᠤᠳᠠᠯ ᠢ ᠲᠥᠯᠥᠪᠵᠢᠭᠦᠯᠬᠦ᠃ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠪᠣᠯᠤᠨ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠵᠤ᠂ ᠺᠠᠳ᠋ᠷ ᠠᠵᠢᠯᠳᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠦᠷᠦᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠤᠳᠤᠯᠲᠠ᠂ ᠲᠤᠭ᠎ᠠ ᠪᠦᠷᠢᠳᠬᠡᠯ ᠪᠣᠯᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠬᠠᠷᠢᠯᠴᠠᠬᠤ ᠣᠳᠠᠰᠣ᠄ 0474 - 7211741      ︵ᠬᠤᠶᠠᠷ︶ ᠲᠥᠪᠠᠬᠢᠨᠡᠭᠦᠯᠬᠦ ᠬᠠᠮᠢᠶᠠᠷᠤᠯᠲᠠ ᠶᠢᠨ ᠲᠠᠰᠤᠭ ᠢ ᠰᠢᠯᠵᠢᠭᠦᠯᠦᠨ ᠲᠤᠰᠢᠶᠠᠨ᠎ᠠ᠃ ᠪᠦᠬᠦ ᠰᠢᠶᠠᠨ ᠢᠶᠠᠷ ᠢᠶᠠᠨ ᠬᠤᠪᠢᠶᠠᠷᠢᠯᠠᠬᠤ ᠪᠠᠷ ᠲᠥᠯᠥᠪᠯᠡᠵᠦ ᠪᠠᠶᠢᠭ᠎ᠠ ᠴᠡᠷᠢᠭ ᠠᠴᠠ ᠬᠠᠯᠠᠭᠳᠠᠭᠰᠠᠨ ᠺᠠᠳ᠋ᠷ᠂ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠶᠢ ᠣᠨ ᠤ ᠲᠥᠪᠬᠢᠨᠡᠭᠦᠯᠬᠦ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠬᠢᠬᠦ ᠵᠡᠷᠭᠡ ᠡᠭᠦᠷᠭᠡ ᠶᠢ ᠡᠭᠦᠷᠭᠡᠯᠡᠨ᠎ᠡ᠃ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠴᠡᠷᠢᠭ ᠠᠩᠭᠢ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ᠂ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠲᠠᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠦᠢᠯᠡᠴᠢᠯᠡᠨ ᠬᠠᠮᠢᠶᠠᠷᠬᠤ ᠠᠵᠢᠯ ᠢ ᠬᠠᠷᠢᠭᠤᠴᠠᠵᠤ᠂ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠪᠠᠭᠤᠵᠤ ᠠᠮᠠᠷᠠᠭᠰᠠᠨ ᠴᠡᠷᠢᠭ ᠬᠥᠮᠦᠨ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠪᠠ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ︵ᠬᠠᠷᠢᠯᠴᠠᠬᠤ ᠤᠲᠠᠰᠤ᠄ 0474 - 7211742︶      ︵ᠭᠤᠷᠪᠠ︶ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ ᠪᠠ ᠰᠠᠢᠱᠢᠶᠠᠵᠤ ᠳᠤᠷᠠᠰᠭᠠᠬᠤ ᠲᠠᠰᠤᠭ᠃ ᠪᠦᠬᠦ ᠰᠢᠶᠠᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠠᠰᠠᠷᠠᠮᠵᠢ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠤᠨ᠎ᠠ᠃ ᠴᠡᠷᠢᠭ ᠤᠨ ᠠᠯᠪᠠ ᠭᠦᠢᠴᠡᠳᠬᠡᠬᠦ ᠳᠤ ᠲᠣᠬᠢᠷᠠᠬᠤ ᠦᠭᠡᠢ ᠰᠢᠷᠬᠠᠲᠤᠭᠰᠠᠨ ᠡᠪᠡᠳᠴᠢᠨ ᠲᠠᠢ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ ᠶᠢ ᠵᠢᠯᠣᠭᠤᠳᠴᠤ ᠪᠠᠶᠢᠭᠠᠳ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠴᠡᠷᠢᠭ ᠢ ᠳᠠᠭᠠᠵᠤ ᠠᠵᠢᠯ ᠣᠯᠤᠭᠰᠠᠨ ᠭᠡᠷ ᠪᠦᠯᠢ ᠶᠢᠨ ᠬᠢᠨ ᠤ ᠠᠵᠢᠯ ᠣᠯᠵᠤ ᠦᠢᠯᠡᠰ ᠪᠤᠰᠬᠠᠬᠤ ᠶᠢ ᠵᠣᠬᠢᠴᠠᠭᠤᠯᠤᠨ ᠵᠢᠯᠣᠭᠤᠳᠤᠨ᠎ᠠ᠃ ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠨ ᠬᠥᠬᠢᠭᠦᠯᠬᠦ᠂ ᠳᠤᠷᠠᠰᠬᠠᠯ ᠤᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠪᠠ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ ᠬᠥᠮᠦᠨ ᠤ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠵᠢᠯᠣᠭᠤᠳᠴᠤ᠂ ᠦᠷᠡᠭᠳᠡᠭᠰᠡᠨ ᠪᠠᠭᠠᠲᠤᠷᠴᠤᠳ ᠢ ᠪᠡᠯᠭᠡᠯᠡᠬᠦ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ᠃      ᠬᠠᠷᠢᠭᠤᠴᠠᠯᠭᠠᠲᠠᠨ ᠤ ᠣᠪᠣᠭ ᠨᠡᠷ᠎ᠡ ᠯᠢ ᠶᠤᠸᠠᠢ      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00      ᠠᠯᠪᠠᠯᠠᠬᠤ ᠤᠲᠠᠰᠤ᠄ 0474 - 7211741      ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠳᠥᠷᠪᠡᠳᠦᠭᠡᠷ ᠵᠠᠰᠠᠮᠠᠯ ᠵᠠᠮ ᠤᠨ ᠰᠧᠨ ᠮᠢᠶᠣᠣ ᠬᠤᠶᠢᠲᠤ ᠡᠭᠦᠳᠡᠨ ᠤ ᠵᠢᠰᠢᠭᠦᠦ ᠡᠰᠡᠷᠭᠦ ᠲᠠᠯ᠎ᠠ ᠶᠢᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ ᠬᠤᠶᠠᠳᠤᠭᠠᠷ ᠳᠠᠪᠬᠤᠷᠯᠢᠭ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3