ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠣᠶ ᠰᠢᠭᠤᠶ ᠪᠣᠯᠤᠨ ᠨᠤᠲᠤᠭ ᠪᠡᠯᠴᠢᠭᠡᠷ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠵᠢᠴᠢ | ᠠᠮᠢ ᠠᠬᠤᠶ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠵᠤ ᠰᠡᠷᠭᠦᠭᠡᠬᠦ ᠲᠥᠷᠥ ᠶᠢᠨ ᠪᠣᠳᠣᠯᠭ᠎ᠠ᠂ | ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ | ᠲᠣᠭᠲᠠᠭᠠᠯ ᠤᠨ ᠡᠬᠡ ᠨᠣᠣᠷᠠᠭ ᠢ ᠲᠤᠭᠤᠷᠪᠢᠨ᠎ᠠ᠃ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ | ᠭᠠᠵᠠᠷ ᠪᠠ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠶ ᠬᠢᠨᠠᠨ | ᠬᠡᠮᠵᠢᠬᠦ ᠪᠠ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠣᠶ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ | ᠲᠣᠭᠲᠠᠭᠠᠨ ᠬᠡᠷᠡᠭᠵᠢᠭᠦᠯᠵᠦ᠂ ᠣᠶ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ ᠬᠢᠨᠠᠯᠲᠠ | ᠲᠠᠯᠪᠢᠵᠤ ᠬᠠᠮᠢᠶᠠᠷᠬᠤ ᠪᠠᠨ ᠴᠢᠩᠭᠠᠳᠬᠠᠨ᠂ ᠣᠶ ᠰᠢᠭᠤᠶ ᠶᠢᠨ ᠡᠬᠢ ᠪᠠᠶᠠᠯᠢᠭ᠂ ᠴᠢᠭᠢᠭᠯᠢᠭ ᠨᠤᠭᠤ ᠭᠠᠵᠠᠷ᠂ | ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠵᠡᠷᠭᠡ ᠠᠵᠢᠯ ᠢ | ᠰᠠᠶᠢᠲᠤᠷ ᠬᠢᠬᠦ ᠬᠡᠷᠡᠭᠲᠡᠶ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠣᠶᠢᠵᠢᠭᠤᠯᠵᠤ ᠨᠣᠭᠤᠭᠠᠷᠠᠭᠤᠯᠬᠤ | ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠣᠶ ᠶᠢᠨ ᠭᠠᠷᠤᠯᠲᠠ ᠶᠢᠨ ᠭᠠᠵᠠᠷ ᠤᠨ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠲᠠᠷᠰᠢᠬᠤ ᠪᠠ | ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ᠃ | ︵ᠭᠤᠷᠪᠠ︶ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ | ᠪᠠᠶᠢᠭᠤᠯᠤᠯᠲᠠ ᠶᠢ ᠰᠡᠷᠭᠦᠭᠡᠬᠦ ᠪᠠ ᠣᠶᠢᠵᠢᠭᠤᠯᠵᠤ ᠨᠣᠭᠤᠭᠠᠷᠠᠭᠤᠯᠬᠤ ᠪᠠ ᠨᠤᠲᠤᠭ ᠪᠡᠯᠴᠢᠭᠡᠷ ᠤᠨ | ᠨᠣᠭᠤᠭᠠᠷᠠᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠰᠢᠶᠠᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ | ᠰᠡᠷᠭᠦᠭᠡᠯᠲᠡ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ | ᠠᠰᠠᠷᠠᠮᠵᠢ ᠶᠢᠨ ᠣᠶ ᠰᠢᠭᠤᠶ᠂ ᠲᠠᠸᠠᠷ ᠤᠨ ᠣᠶ ᠶᠢ ᠪᠤᠶᠢᠵᠢᠭᠤᠯᠤᠨ ᠡᠵᠡᠩᠨᠡᠬᠦ ᠶᠢ ᠵᠢᠯᠣᠭᠤᠳᠴᠤ᠂ ᠪᠥᠬᠦ | ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠡᠪᠡᠰᠦ ᠳᠠᠷᠢᠬᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ | ᠪᠠ ᠣᠶ ᠰᠢᠭᠤᠶ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ | ᠪᠠᠶᠢᠴᠠᠭᠠᠬᠤ ᠠᠵᠢᠯ ᠢ ᠵᠢᠯᠣᠭᠤᠳᠤᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | ︵ᠲᠦᠷᠪᠡ︶ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠰᠢᠶᠠᠨ ᠤ ᠣᠶ ᠰᠢᠭᠤᠶ ᠶᠢ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠰᠢᠭᠤᠶ ᠶᠢᠨ | ᠭᠠᠵᠠᠷ ᠤᠨ ᠬᠠᠮᠢᠶᠠᠷᠤᠯᠲᠠ ᠶᠢ ᠬᠠᠷᠢᠭᠤᠴᠠᠵᠤ᠂ ᠨᠡᠶᠢᠲᠡ ᠶᠢᠨ ᠠᠰᠠᠷᠠᠮᠵᠢ ᠶᠢᠨ ᠣᠶ ᠶᠢ ᠬᠤᠪᠢᠶᠠᠷᠢᠯᠠᠨ ᠲᠣᠭᠲᠠᠭᠠᠬᠤ | ᠪᠠ ᠬᠠᠮᠢᠶᠠᠷᠬᠤ ᠠᠵᠢᠯ ᠢ ᠵᠢᠯᠣᠭᠤᠳᠴᠤ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠵᠤᠯᠵᠠᠭ᠎ᠠ | ᠮᠣᠳᠣᠨ ᠤ ᠬᠦᠷᠢᠶᠡᠯᠡᠩ ᠤᠨ ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ᠎ᠠ᠃ ᠪᠥᠬᠦ ᠰᠢᠶᠠᠨ ᠤ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠣᠶᠢᠲᠤ ᠭᠠᠵᠠᠷ᠂ | ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠣᠶ ᠰᠢᠭᠤᠶ ᠪᠠ ᠨᠤᠲᠤᠭ | ᠪᠡᠯᠴᠢᠭᠡᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠶ ᠶᠢ | ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠤ᠂ ᠰᠢᠩ ᠾᠧ ᠰᠢᠶᠠᠨ ᠤ ᠨᠤᠭᠤ ᠭᠠᠵᠠᠷ ᠢ ᠬᠠᠮᠠᠭᠠᠯᠠᠬᠤ | ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ᠂ ᠨᠤᠭᠤ ᠭᠠᠵᠠᠷ ᠢ | ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ︵ᠲᠠᠪᠤ︶ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | ᠡᠯᠡᠰᠦᠨ ᠴᠥᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ | ᠪᠠᠶᠢᠭᠤᠯᠤᠨ ᠲᠣᠭᠲᠠᠭᠠᠵᠤ᠂ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠨᠡᠭᠡᠭᠡᠨ | ᠠᠰᠢᠭᠯᠠᠬᠤ ᠳᠤ ᠬᠢᠨᠠᠯᠲᠠ ᠲᠠᠯᠪᠢᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠲᠥᠰᠦᠭᠡᠯᠡᠵᠦ | ᠤᠷᠢᠳᠴᠢᠯᠠᠨ ᠮᠡᠳᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠶᠢ ᠵᠣᠬᠢᠶᠠᠨ ᠪᠠᠶᠢᠭᠤᠯᠬᠤ ᠬᠡᠷᠡᠭᠲᠡᠶ᠃ | ︵ᠵᠢᠷᠭᠤᠭ᠎ᠠ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ | ᠠᠪᠤᠷᠠᠨ ᠲᠤᠰᠠᠯᠠᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠶᠢᠨ | ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠢᠯᠣᠭᠤᠳᠴᠤ᠂ ᠡᠬᠡ ᠬᠠᠭᠤᠷᠠᠶ ᠶᠢᠨ ᠬᠡᠭᠡᠷ᠎ᠡ ᠶᠢᠨ ᠬᠡᠭᠡᠷ᠎ᠡ ᠶᠢᠨ ᠠᠮᠢᠲᠠᠨ | ᠤᠷᠭᠤᠮᠠᠯ ᠢ ᠠᠩᠨᠠᠬᠤ ᠪᠤᠶᠤ ᠴᠤᠭᠯᠠᠭᠤᠯᠬᠤ᠂ ᠳᠠᠰᠬᠠᠨ ᠲᠡᠵᠢᠭᠡᠵᠦ ᠦᠷᠡᠵᠢᠭᠦᠯᠬᠦ ᠪᠤᠶᠤ ᠪᠤᠶᠢᠵᠢᠭᠤᠯᠬᠤ᠂ | ᠡᠵᠡᠩᠨᠡᠵᠦ ᠠᠰᠢᠭᠯᠠᠬᠤ ᠶᠢ ᠬᠢᠨᠠᠨ ᠬᠠᠮᠢᠶᠠᠷᠴᠤ᠂ ᠠᠵᠢᠯ ᠤᠨ ᠬᠤᠪᠢᠶᠠᠷᠢᠯᠠᠯ ᠶᠣᠰᠣᠭᠠᠷ ᠬᠡᠭᠡᠷ᠎ᠡ ᠶᠢᠨ ᠠᠮᠢᠲᠠᠨ | ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠳᠤ ᠬᠢᠨᠠᠯᠲᠠ ᠲᠠᠯᠪᠢᠵᠤ | ᠬᠠᠮᠢᠶᠠᠷᠤᠨ᠎ᠠ᠃ | ︵ᠳᠤᠯᠤᠭ᠎ᠠ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠨ᠎ᠠ᠃ ᠰᠢᠶᠠᠨ ᠤ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠯ᠎ᠡ ᠲᠥᠷᠥᠯ ᠤᠨ ᠤᠯᠤᠰ ᠤᠨ ᠲᠠᠰ᠂ | ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ᠂ ᠰᠢᠶᠠᠨ ᠤ ᠱᠠᠲᠤᠨ ᠤ ᠬᠠᠮᠠᠭᠠᠯᠠᠯᠲᠠ ᠶᠢᠨ ᠭᠠᠵᠠᠷ ᠢ | ᠰᠢᠨ᠎ᠡ ᠪᠠᠷ ᠪᠠᠶᠢᠭᠤᠯᠬᠤ ᠪᠠ ᠳᠣᠭᠢᠷᠠᠭᠤᠯᠬᠤ ᠰᠠᠨᠠᠭᠤᠯᠭ᠎ᠠ ᠳᠤᠷᠠᠳᠬᠤ ᠶᠢᠨ ᠬᠠᠮᠲᠤ ᠲᠠᠰ ᠳᠠᠷᠠᠭᠠᠯᠠᠯ ᠤᠨ ᠶᠣᠰᠣᠭᠠᠷ | ᠮᠡᠳᠡᠭᠦᠯᠦᠨ ᠵᠥᠪᠰᠢᠶᠡᠷᠡᠭᠦᠯᠵᠦ᠂ ᠪᠠᠶᠢᠭᠠᠯᠢ ᠶᠢᠨ ᠥᠪ ᠬᠥᠷᠥᠩᠭᠡ ᠶᠢ ᠬᠢᠨᠠᠨ ᠬᠠᠷᠭᠤᠭᠤᠯᠬᠤ ᠶᠢ ᠵᠣᠬᠢᠶᠠᠨ | ᠪᠠᠶᠢᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠰᠢᠶᠠᠨ ᠤ ᠪᠠᠶᠢᠭᠠᠯᠢ ᠶᠢᠨ ᠪᠠ | ᠰᠣᠶᠣᠯ ᠤᠨ ᠳᠠᠪᠬᠤᠷ ᠥᠪ ᠬᠥᠷᠥᠩᠭᠡ ᠶᠢ ᠭᠤᠶᠤᠴᠢᠯᠠᠨ ᠮᠡᠳᠡᠭᠦᠯᠬᠦ ᠶᠢ ᠬᠢᠨᠠᠨ ᠬᠠᠷᠭᠤᠭᠤᠯᠤᠨ᠎ᠠ᠃ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠦᠵᠡᠮᠵᠢ ᠶᠢᠨ ᠨᠡᠷᠡᠲᠦ ᠣᠷᠣᠨ ᠤ ᠠᠵᠢᠯ ᠢ ᠬᠠᠷᠢᠭᠤᠴᠠᠨ᠎ᠠ᠃ | ︵ᠨᠠᠢᠮᠠ︶ ᠣᠢ ᠰᠢᠭᠤᠢ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ︔ ᠣᠢ ᠮᠣᠳᠣ ᠣᠭᠲᠣᠯᠬᠤ ᠪᠠ ᠲᠡᠭᠡᠭᠡᠪᠦᠷᠢᠯᠡᠬᠦ᠂ ᠣᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ | ᠣᠢ ᠰᠢᠭᠤᠢ ᠶᠢᠨ ᠠᠵᠤ ᠦᠢᠯᠡᠳᠪᠦᠷᠢ ᠵᠢᠴᠢ ᠣᠢ ᠰᠢᠭᠤᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ | ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠣᠢ ᠰᠢᠭᠤᠢ᠂ ᠠᠵᠢᠯ | ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠠᠶᠤᠯ ᠦᠭᠡᠢ ᠦᠢᠯᠡᠳᠪᠦᠷᠢᠯᠡᠯ ᠤᠨ ᠪᠤᠰᠤᠳ ᠡᠭᠦᠷᠭᠡ | ᠬᠠᠷᠢᠭᠤᠴᠠᠯᠭ᠎ᠠ ᠶᠢ ᠬᠠᠷᠢᠭᠤᠴᠠᠨ᠎ᠠ᠃ | ︵ᠶᠢᠰᠦ︶ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠥᠷᠨᠢᠭᠦᠯᠦᠨ᠎ᠡ᠃︶ ᠭᠠᠯ ᠰᠡᠷᠭᠡᠶᠢᠯᠡᠬᠦ ᠬᠤᠯᠪᠣᠭᠳᠠᠯ ᠪᠦᠬᠦᠢ ᠠᠵᠢᠯ | ᠃ | ︵ᠠᠷᠪᠠ︶ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠴᠢᠬᠢ ᠮᠣᠳᠣᠨ ᠤ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠴᠤ᠂ ᠣᠶ ᠮᠣᠳᠣᠨ ᠤ ᠦᠷ᠎ᠡ ᠪᠠ | ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠰᠢᠩ ᠾᠧ | ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠵᠣᠬᠢᠶᠠᠨ | ᠪᠠᠶᠢᠭᠤᠯᠤᠨ ᠪᠠᠶᠢᠭᠤᠯᠵᠤ᠂ ᠦᠷ᠎ᠡ ᠲᠡᠭᠦᠬᠦ ᠣᠶ ᠶᠢ ᠲᠣᠭᠲᠠᠭᠠᠵᠤ᠂ ᠰᠠᠶᠢᠨ ᠦᠷ᠎ᠡ ᠰᠣᠩᠭᠤᠨ ᠪᠤᠶᠢᠵᠢᠭᠤᠯᠵᠤ | ᠳᠡᠯᠭᠡᠷᠡᠭᠦᠯᠬᠦ ᠶᠢ ᠬᠠᠷᠢᠭᠤᠴᠠᠵᠤ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠶᠢ ᠬᠠᠮᠢᠶᠠᠷᠴᠤ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠶᠠᠰᠤ ᠴᠢᠨᠠᠷ ᠢ | ᠬᠢᠨᠠᠨ ᠬᠠᠮᠢᠶᠠᠷᠤᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ | ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠲᠥᠷᠥᠯ | ᠵᠦᠢᠯ ᠤᠨ ᠬᠠᠮᠠᠭᠠᠯᠠᠯᠲᠠ ᠶᠢ ᠬᠢᠨᠠᠨ ᠬᠠᠮᠢᠶᠠᠷᠤᠨ᠎ᠠ᠃ ᠣᠶ ᠮᠣᠳᠣᠨ ᠤ ᠦᠷ᠎ᠡ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ ᠤᠨ ᠦᠨᠡᠮᠯᠡᠯ ᠬᠢᠨᠠᠨ ᠣᠯᠭᠤᠬᠤ ᠬᠡᠷᠡᠭᠲᠡᠶ ᠠᠳᠠᠯᠢ ᠨᠢᠭᠡᠨ ᠠᠮᠢ ᠠᠬᠤᠶ ᠶᠢᠨ ᠣᠷᠣᠨ ᠳᠤ | ᠬᠠᠷᠢᠶᠠᠯᠠᠭᠳᠠᠬᠤ ᠮᠤᠵᠢ ᠣᠷᠣᠨ ᠤ ᠣᠶ ᠮᠣᠳᠣᠨ ᠤ ᠰᠠᠶᠢᠨ ᠦᠷ᠎ᠡ ᠶᠢᠨ ᠬᠢᠨᠠᠨ ᠵᠥᠪᠰᠢᠶᠡᠷᠡᠭᠦᠯᠬᠦ ᠶᠢ ᠬᠠᠷᠢᠭᠤᠴᠠᠨ᠎ᠠ | ︔ ᠣᠶ ᠮᠣᠳᠣᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔ | ᠦᠷ᠎ᠡ ᠶᠢᠨ ᠶᠠᠰᠤ ᠴᠢᠨᠠᠷ ᠤᠨ ᠵᠢᠭᠤᠷᠠᠯᠳᠤᠭᠠᠨ ᠢ ᠡᠶᠡᠳᠡᠭᠦᠯᠬᠦ ᠡᠭᠦᠷᠭᠡ ᠬᠠᠷᠢᠭᠤᠴᠠᠯᠭ᠎ᠠ ᠶᠢ ᠲᠦᠷᠦᠭᠦᠯᠡᠨ ᠬᠢᠬᠦ | ᠬᠡᠷᠡᠭᠲᠡᠶ᠃ | ︵ᠠᠷᠪᠠᠨ ᠨᠢᠭᠡ︶ ᠰᠢᠩ ᠾᠧ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠬᠠᠮᠢᠶ᠎ᠠ ᠪᠥᠬᠦᠶ | ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠶ ᠪᠠ ᠨᠤᠲᠤᠭ | ᠪᠡᠯᠴᠢᠭᠡᠷ ᠤᠨ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ | ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ | ︵ᠠᠷᠪᠠᠨ ᠬᠤᠶᠠᠷ︶ ᠪᠥᠬᠦ ᠰᠢᠶᠠᠨ ᠤ ᠣᠶ ᠰᠢᠭᠤᠶ᠂ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ | ︵ᠠᠷᠪᠠᠨ ᠭᠤᠷᠪᠠ︶ ᠰᠢᠩ ᠾᠧ ᠰᠢᠶᠠᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ | ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ ᠠᠬᠢᠭᠤᠯᠤᠨ᠎ᠠ᠃ ᠰᠢᠩ ᠾᠧ ᠰᠢᠶᠠᠨ ᠤ ᠬᠠᠮᠲᠤ ᠶᠢᠨ | ᠣᠶ ᠰᠢᠭᠤᠶ ᠶᠢᠨ ᠡᠷᠬᠡ ᠶᠢᠨ ᠳᠦᠷᠢᠮ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠤᠯᠤᠰ ᠤᠨ | ᠥᠮᠴᠢᠯᠡᠯᠲᠦ ᠴᠢᠬᠢ ᠮᠣᠳᠣᠨ ᠤ ᠬᠦᠷᠢᠶᠡᠯᠡᠩ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠢᠩ ᠾᠧ ᠰᠢᠶᠠᠨ ᠤ ᠬᠥᠳᠡᠭᠡ | ᠲᠣᠰᠬᠤᠨ ᠤ ᠣᠶ ᠰᠢᠭᠤᠶ ᠪᠠ ᠨᠤᠲᠤᠭ ᠪᠡᠯᠴᠢᠭᠡᠷ ᠢ ᠬᠥᠭᠵᠢᠭᠦᠯᠬᠦ ᠵᠢᠴᠢ ᠣᠶ ᠰᠢᠭᠤᠶ᠂ ᠨᠤᠲᠤᠭ ᠪᠡᠯᠴᠢᠭᠡᠷ ᠤᠨ | ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠣᠶᠢᠲᠤ ᠭᠠᠵᠠᠷ᠂ ᠨᠤᠲᠤᠭ ᠪᠡᠯᠴᠢᠭᠡᠷ ᠢ | ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠪᠠᠨ ᠪᠣᠯᠢᠵᠤ ᠡᠪᠡᠰᠦ ᠮᠣᠳᠣ ᠲᠠᠷᠢᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠳᠥᠷᠪᠡᠳᠦᠭᠡᠷ︶ ᠰᠠᠯᠠᠭ᠎ᠠ ᠮᠥᠴᠢᠷ ᠤᠨ ᠲᠥᠰᠦᠪ ᠢ ᠳᠤᠷᠠᠳᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠤᠢ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠠ | ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠰᠢᠩ ᠾᠧ ᠰᠢᠶᠠᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠤᠯᠳᠠᠯᠭ᠎ᠠ ᠲᠠᠢ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠭᠤᠶᠤᠴᠢᠯᠠᠨ | ᠮᠡᠳᠡᠭᠦᠯᠦᠨ᠎ᠡ᠃ ᠰᠢᠩ ᠾᠧ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠠᠬᠤᠶ ᠶᠢᠨ | ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ | ᠣᠷᠣᠯᠴᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠶᠢᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠰᠢᠩ ᠾᠧ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ | ᠵᠣᠬᠢᠶᠠᠨ᠎ᠠ᠃ | ︵ᠠᠷᠪᠠᠨ ᠲᠠᠪᠤ︶ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ | ᠤᠬᠠᠭᠤᠯᠭ᠎ᠠ ᠬᠥᠮᠦᠵᠢᠯ ᠪᠣᠯᠤᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭᠠᠨ ᠤ ᠠᠵᠢᠯ ᠢ | ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠨᠤᠭᠤ ᠭᠠᠵᠠᠷ᠂ ᠴᠦᠯᠯᠡᠷᠭᠡᠭᠵᠢᠯ ᠢ | ᠰᠡᠷᠭᠡᠶᠢᠯᠡᠨ ᠵᠠᠰᠠᠬᠤ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠳᠦᠷᠰᠦ ᠵᠡᠷᠭᠡ ᠣᠯᠠᠨ | ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠤᠯᠤᠰ ᠤᠨ ᠥᠮᠴᠢᠯᠡᠯᠲᠦ | ᠴᠢᠬᠢ ᠮᠣᠳᠣᠨ ᠤ ᠬᠦᠷᠢᠶᠡᠯᠡᠩ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | | ︵ᠠᠷᠪᠠᠨ ᠲᠤᠯᠤᠭ᠎ᠠ︶ ᠲᠤᠰ ᠰᠠᠯᠠᠭ᠎ᠠ ᠮᠦᠴᠢᠷ ︵ᠲᠤᠰ ᠠᠵᠢᠯ ᠲᠦᠷᠦᠯ︶ ᠢᠶᠠᠨ ᠬᠠᠷᠢᠭᠤᠴᠠᠨ ᠬᠢᠨ᠎ᠡ︶ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠤᠰ | ᠰᠠᠯᠠᠭ᠎ᠠ ᠮᠥᠴᠢᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠬᠠᠷᠢᠭᠤᠴᠠᠯᠭ᠎ᠠ᠂ | ᠬᠠᠷᠠᠯᠲᠠ ᠪᠣᠯᠤᠨ ᠡᠭᠦᠷᠭᠡ ᠶᠢᠨ ᠶᠣᠰᠣᠭᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠶ᠃ | ︵ᠠᠷᠪᠠᠨ ᠨᠠᠢᠮᠠ︶ ᠲᠤᠰ ᠰᠠᠯᠠᠭ᠎ᠠ ᠮᠦᠴᠢᠷ ᠢᠶᠠᠨ ᠬᠠᠷᠢᠭᠤᠴᠠᠨ ᠰᠠᠶᠢᠲᠤᠷ ᠬᠢᠨ᠎ᠠ︶ ᠵᠥᠷᠢᠴᠡᠯ ᠢ | ᠠᠷᠢᠯᠭᠠᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠢᠳᠡᠭᠡᠨ ᠦᠢ ᠠᠮᠤᠷ | ᠲᠥᠪᠰᠢᠨ ᠤ ᠠᠵᠢᠯ᠃ | ︵ᠠᠷᠪᠠ ᠶᠢᠰᠦ︶ ᠰᠢᠩ ᠾᠧ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠬᠤᠷᠢᠨ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ ᠰᠢᠩ ᠡᡁᠧ ᠰᠢᠶᠠᠨ ᠤ ᠤᠢ ᠰᠢᠭᠤᠢ ᠪᠣᠯᠤᠨ | ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨᠬᠦ | ᠴᠢᠩᠭᠠᠷᠠᠭᠤᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ | ᠬᠡᠷᠡᠭᠵᠢᠭᠦᠯᠵᠦ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ | ᠶᠡᠬᠡᠪᠡᠷ ᠠᠬᠢᠭᠤᠯᠵᠤ᠂ ᠪᠦᠬᠦ ᠰᠢᠶᠠᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ ᠪᠠᠲᠤᠯᠠᠪᠠ᠃ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠨ ᠪᠠᠶᠢᠭᠤᠯᠵᠤ᠂ ᠡᠯ᠎ᠡ ᠲᠦᠷᠦᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠢᠯᠭᠠᠷᠠᠭᠤᠯᠤᠨ ᠵᠢᠷᠤᠮᠵᠢᠭᠤᠯᠬᠤ ᠪᠠ ᠨᠡᠶᠢᠯᠡᠭᠦᠯᠦᠨ ᠨᠢᠭᠡᠳᠬᠡᠬᠦ ᠶᠢ | ᠨᠢᠭᠡᠳᠦᠯᠲᠡᠶ ᠠᠬᠢᠭᠤᠯᠤᠨ᠎ᠠ᠃ | ᠳᠣᠲᠣᠭᠠᠳᠤ ᠶᠢᠨ ᠪᠠᠶᠢᠭᠤᠯᠤᠮᠵᠢ᠄ | ︵ᠨᠢᠭᠡ︶ ᠠᠯᠪᠠᠨ ᠭᠡᠷ | ︵ᠬᠤᠶᠠᠷ︶ ᠣᠢ ᠱᠢᠭᠤᠢ ᠨᠤᠲᠤᠭ ᠪᠡᠯᠴᠢᠭᠡᠷ ᠢ ᠵᠠᠰᠠᠬᠤ ᠲᠠᠰᠤᠭ | ︵ᠭᠤᠷᠪᠠ︶ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ︵ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶ | ︵ᠲᠦᠷᠪᠡ︶ ᠨᠤᠭᠤ ᠭᠠᠵᠠᠷ ᠤᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠲᠠᠰᠤᠭ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - | 18᠄ 00 | ᠬᠠᠷᠢᠯᠴᠠᠬᠤ ᠬᠠᠶ᠋ᠢᠭ᠄ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠰᠢᠩ ᠾᠧ ᠶᠡᠭᠡ ᠵᠠᠮ | ᠬᠠᠷᠢᠯᠴᠠᠬᠤ ᠤᠲᠠᠰᠤ᠄ 0474 - 7212356 | ᠬᠠᠷᠢᠭᠤᠴᠠᠯᠭᠠᠲᠠᠨ ᠤ ᠣᠪᠣᠭ ᠨᠡᠷ᠎ᠡ ᠰᠦᠨ ᠵᠢᠶᠠᠩ |