ᠭᠤᠣᠯ ᠡᠭᠦᠷᠭᠡ ᠬᠠᠷᠢᠭᠤᠴᠠᠯᠭ᠎ᠠ᠄ | ᠰᠢᠩ ᠾᠧ ᠰᠢᠶᠠᠨ ᠤ ᠬᠢᠨᠠᠨ ᠪᠤᠳᠤᠬᠤ ᠲᠣᠪᠴᠢᠶ᠎ᠠ ᠨᠠᠮ ᠤᠨ ᠲᠥᠪ ᠬᠤᠷᠢᠶᠠᠨ ᠤ ᠬᠢᠨᠠᠨ ᠪᠤᠳᠤᠬᠤ | ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠶᠠᠪᠤᠴᠠ ᠳᠤ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠪᠦᠬᠦ ᠰᠢᠶᠠᠨ ᠤ ᠬᠢᠨᠠᠨ ᠪᠤᠳᠤᠬᠤ ᠠᠵᠢᠯ ᠢ ᠭᠤᠣᠯᠯᠠᠨ ᠬᠠᠮᠢᠶᠠᠷᠤᠨ᠎ᠠ᠃ ᠰᠢᠶᠠᠨ ᠤ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠬᠤ | ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ | ᠪᠣᠳᠠᠲᠠᠶ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠲᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠵᠤ᠂ | ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ | ᠪᠠᠶᠠᠯᠢᠭ ᠪᠠ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ | ᠬᠢᠨᠠᠨ ᠪᠤᠳᠤᠯᠲᠠ ᠬᠢᠬᠦ ᠶᠢ ᠨᠡᠶᠢᠳᠡᠮ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ | ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠬᠡᠷᠡᠭᠵᠢᠭᠦᠯᠵᠦ᠂ ᠤᠯᠤᠰ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ | ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠪᠤᠳᠤᠨ᠎ᠠ᠃ ᠨᠡᠶᠢᠭᠡᠮ ᠤᠨ ᠬᠢᠨᠠᠨ ᠪᠤᠳᠤᠬᠤ | ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠢᠨᠠᠨ ᠪᠤᠳᠤᠭᠰᠠᠨ᠂ ᠲᠤᠰᠬᠠᠶ | ᠵᠦᠢᠯ ᠢᠶᠠᠷ ᠬᠢᠨᠠᠨ ᠪᠤᠳᠤᠭᠰᠠᠨ ᠪᠠ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ | ᠡᠭᠦᠷᠭᠡᠯᠡᠬᠦ ᠶᠢᠨ ᠬᠠᠮᠲᠤ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠭᠤᠳ ᠬᠢᠨᠠᠨ ᠪᠤᠳᠤᠬᠤ᠂ ᠪᠠᠶᠢᠴᠠᠭᠠᠬᠤ | ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠬᠤ ᠦᠨᠡᠯᠡᠯᠲᠡ ᠬᠢᠵᠦ᠂ ᠬᠢᠨᠠᠨ | ᠪᠤᠳᠤᠬᠤ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠬᠤ ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠰᠢᠶᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠳᠤ ᠣᠨ ᠤ ᠰᠢᠶᠠᠨ ᠤ | ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ | ᠪᠤᠳᠤᠭᠰᠠᠨ ᠮᠡᠳᠡᠭᠦᠯᠦᠯᠲᠡ ᠳᠤᠷᠠᠳᠤᠨ᠎ᠠ᠃ ᠰᠢᠶᠠᠨ ᠤ ᠤᠳᠤᠷᠢᠳᠤᠯᠭ᠎ᠠ ᠳᠤ ᠣᠨ ᠤ ᠰᠢᠶᠠᠨ ᠤ ᠲᠥᠰᠦᠪ ᠢ | ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ | ᠦᠷ᠎ᠡ ᠳ᠋ᠦᠩ ᠤᠨ ᠮᠡᠳᠡᠭᠦᠯᠦᠯᠲᠡ ᠳᠤᠷᠠᠳᠤᠨ᠎ᠠ᠃ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠥᠰᠦᠪ ᠢ ᠭᠦᠢᠴᠡᠳᠬᠡᠭᠰᠡᠨ | ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠨ ᠪᠤᠳᠤᠯᠳᠠ ᠶᠢᠨ ᠠᠵᠢᠯ ᠤᠨ | ᠮᠡᠳᠡᠭᠦᠯᠦᠯᠲᠡ᠂ ᠬᠢᠨᠠᠨ ᠪᠤᠳᠤᠯᠳᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠤᠨ ᠮᠡᠳᠡᠭᠦᠯᠦᠯᠲᠡ ᠶᠢ ᠳᠤᠷᠠᠳᠪᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ | ᠵᠦᠢᠯᠡᠰ ᠤᠨ ᠬᠢᠨᠠᠨ ᠪᠣᠳᠣᠯᠲᠠ ᠪᠠ ᠲᠤᠰᠬᠠᠢ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ | ᠳ᠋ᠦᠩ ᠢ ᠮᠡᠳᠡᠭᠦᠯᠦᠨ᠎ᠡ᠃ ᠬᠢᠨᠠᠨ ᠪᠣᠳᠣᠭᠰᠠᠨ ᠦᠷ᠎ᠡ ᠲᠦᠩ ᠢ ᠨᠡᠢᠭᠡᠮ ᠨᠡᠢᠲᠡ ᠳᠤ ᠬᠠᠤᠯᠢ ᠶᠣᠰᠣᠭᠠᠷ ᠨᠡᠢᠲᠡᠯᠡᠬᠦ | ᠬᠡᠷᠡᠭᠲᠡᠢ᠃ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠬᠢᠨᠠᠨ ᠪᠣᠳᠣᠭᠰᠠᠨ ᠪᠠᠶᠢᠳᠠᠯ ᠪᠠ ᠬᠢᠨᠠᠨ ᠪᠣᠳᠣᠭᠰᠠᠨ ᠦᠷ᠎ᠡ ᠳ᠋ᠦᠩ ᠢ ᠮᠡᠳᠡᠭᠳᠡᠨ᠎ᠡ᠃ | ︵ᠳᠥᠷᠪᠡ︶ ᠳᠣᠣᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠤᠳᠤᠨ᠎ᠠ᠂ ᠬᠢᠨᠠᠨ ᠪᠤᠳᠤᠭᠰᠠᠨ | ᠮᠡᠳᠡᠭᠦᠯᠦᠯᠲᠡ ᠭᠠᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ | ᠪᠤᠳᠤᠭᠰᠠᠨ ᠲᠣᠭᠲᠠᠭᠠᠯ ᠭᠠᠷᠭᠠᠨ᠎ᠠ᠂ ᠡᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ | ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ᠂ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ︵ | ᠰᠢᠭᠤᠳ ᠬᠠᠷᠢᠶ᠎ᠠ ᠨᠢᠭᠡᠴᠢ ᠪᠠᠭᠲᠠᠨ᠎ᠠ︶᠂ ᠰᠢᠶᠠᠩ ︵ᠪᠠᠯᠭᠠᠰᠤ︶ ᠵᠠᠰᠠᠭ ᠤᠨ ᠣᠷᠳᠣᠨ ᠤ ᠲᠥᠰᠦᠪ ᠢ | ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ ᠲᠥᠰᠦᠯ ᠤᠨ ᠲᠥᠰᠦᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ᠂ ᠰᠢᠶᠠᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠡᠯᠡ ᠮᠥᠩᠭᠦ︔ | ᠰᠢᠶᠠᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ ᠨᠢᠭᠡᠴᠢ ᠪᠠ ᠨᠡᠶᠢᠭᠡᠮ ᠤᠨ ᠪᠦᠯᠬᠦᠮ ᠤᠨ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠤᠰ ᠤᠨ ᠪᠡᠯᠡ ᠣᠷᠣᠭᠤᠯᠤᠯᠲᠠ᠂ ᠥᠪᠡᠷᠲᠡᠭᠡᠨ ᠵᠠᠰᠠᠬᠤ ᠣᠷᠣᠨ᠂ | ᠬᠤᠳᠠ ᠶᠢᠨ ᠵᠠᠰᠠᠭ ᠤᠨ ᠣᠷᠳᠣᠨ ᠵᠢᠴᠢ ᠰᠢᠶᠠᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠣᠯ | ᠪᠣᠯᠭᠠᠭᠰᠠᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ | ᠲᠥᠰᠦᠪ ᠤᠨ ᠭᠦᠢᠴᠡᠳᠬᠡᠯ᠂ ᠰᠢᠶᠠᠨ ᠤ ᠴᠢᠬᠤᠯᠠ ᠶᠡᠭᠡ ᠤᠯᠠᠨ ᠨᠡᠶᠢᠲᠡ ᠶᠢᠨ ᠢᠨᠵᠧᠨᠧᠷᠢᠩ ᠤᠨ ᠲᠦᠷᠦᠯ | ᠵᠦᠢᠯ ᠤᠨ ᠪᠡᠯᠡ ᠮᠥᠩᠭᠦ ᠶᠢ ᠬᠠᠮᠢᠶᠠᠷᠴᠤ ᠬᠡᠷᠡᠭᠯᠡᠭᠰᠡᠨ ᠪᠠ ᠪᠦᠳᠦᠭᠡᠨ ᠪᠠᠶᠢᠭᠤᠯᠵᠤ ᠡᠵᠡᠩᠨᠡᠭᠰᠡᠨ ᠪᠠᠶᠢᠳᠠᠯ︔ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠪᠠ ᠠᠮᠢ ᠠᠬᠤᠶ ᠶᠢ | ᠬᠠᠮᠠᠭᠠᠯᠠᠭᠰᠠᠨ ᠪᠠᠶᠢᠳᠠᠯ | ︵ᠲᠠᠪᠤ︶ ᠰᠢᠶᠠᠨ ᠤ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠭᠤᠣᠯ ᠤᠳᠤᠷᠢᠳᠬᠤ ᠺᠠᠳ᠋ᠷ | ᠵᠢᠴᠢ ᠪᠤᠰᠤᠳ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠳᠤ ᠬᠢᠨᠠᠨ | ᠪᠣᠳᠣᠯᠲᠠ ᠬᠢᠪᠡ᠃ | ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠡᠳ᠋ ᠤᠨ ᠵᠠᠰᠠᠭ ᠠᠵᠤ | ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ | ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ | ᠬᠠᠮᠢᠶᠠᠷᠤᠯᠲᠠ ᠵᠢᠴᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ | ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠰᠠᠨ ᠵᠦᠢᠯᠡᠰ ᠲᠤ | ᠲᠤᠰᠬᠠᠶ ᠬᠢᠨᠠᠨ ᠪᠤᠳᠤᠬᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠳᠤᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ | ᠪᠠᠶᠢᠴᠠᠭᠠᠵᠤ᠂ ᠬᠢᠨᠠᠨ ᠪᠤᠳᠤᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠰᠢᠮᠳᠠᠭᠤᠯᠤᠨ ᠴᠡᠭᠴᠡᠯᠡᠨ | ᠰᠠᠶᠢᠵᠢᠷᠠᠭᠤᠯᠵᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠳᠤ ᠵᠠᠰᠠᠭ | ᠵᠠᠬᠢᠷᠭᠠᠨ ᠤ ᠳᠠᠬᠢᠨ ᠵᠥᠪᠯᠡᠭᠦᠯᠬᠦ ᠪᠠᠷ ᠳᠡᠪᠰᠢᠭᠦᠯᠬᠦ᠂ ᠵᠠᠰᠠᠭ ᠵᠠᠬᠢᠷᠭᠠᠨ ᠤ ᠵᠠᠷᠭᠤ ᠬᠢᠬᠦ ᠪᠤᠶᠤ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠲᠠᠰᠤᠯᠤᠨ ᠲᠣᠭᠲᠠᠭᠠᠬᠤ ᠳᠤᠮᠳᠠᠬᠢ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ | ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ ᠶᠡᠭᠡ | ᠬᠡᠷᠡᠭ ᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠮᠠᠨ ᠤ | ᠰᠢᠶᠠᠨ ᠤ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ | ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠶᠢᠨ ᠭᠠᠷᠭᠠᠭᠰᠠᠨ ᠬᠠᠮᠢᠶ᠎ᠠ ᠪᠥᠬᠦᠶ ᠬᠢᠨᠠᠨ ᠪᠤᠳᠤᠭᠰᠠᠨ | ᠮᠡᠳᠡᠭᠦᠯᠦᠯᠲᠡ ᠶᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃ | ︵ᠶᠢᠰᠦ︶ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠤᠳᠤᠷᠢᠳᠤᠯᠭ᠎ᠠ ᠶᠢᠨ ᠳᠣᠣᠷ᠎ᠠ ᠣᠨᠴᠠ | ᠲᠣᠭᠲᠠᠭᠰᠠᠨ ᠵᠦᠢᠯᠡᠰ ᠢ ᠲᠤᠰᠬᠠᠢ ᠬᠢᠨᠠᠨ ᠪᠤᠳᠤᠬᠤ ᠪᠤᠶᠤ ᠬᠢᠨᠠᠨ ᠪᠤᠳᠤᠬᠤ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠰᠢᠶᠠᠨ ᠤ ᠬᠢᠨᠠᠨ ᠪᠤᠳᠤᠬᠤ | ᠲᠣᠪᠴᠢᠶ᠎ᠠ ᠶᠢᠨ ᠤᠯᠤᠰ ᠤᠨ ᠲᠣᠭᠲᠠᠭᠠᠯ ᠢ ᠵᠥᠷᠢᠴᠡᠭᠰᠡᠨ ᠬᠢᠨᠠᠨ ᠪᠤᠳᠤᠬᠤ ᠲᠣᠭᠲᠠᠭᠠᠯ ᠢ ᠵᠠᠯᠠᠷᠠᠭᠤᠯᠬᠤ ᠶᠢ | ᠬᠦᠯᠢᠶᠡᠨ᠎ᠡ᠃ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠰᠢᠶᠠᠨ ᠤ ᠬᠢᠨᠠᠨ ᠪᠤᠳᠤᠬᠤ | ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ | ᠪᠠᠶᠢᠭᠤᠯᠭ᠎ᠠ ᠶᠢᠨ ᠬᠠᠮᠵᠢᠯᠴᠠᠨ ᠬᠠᠮᠢᠶᠠᠷᠬᠤ ᠶᠢ ᠬᠦᠯᠢᠶᠡᠪᠡ᠃ | ︵ᠠᠷᠪᠠ︶ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠤᠳᠤᠷᠢᠳᠤᠯᠭ᠎ᠠ ᠳᠣᠣᠷ᠎ᠠ᠂ ᠮᠡᠳᠡᠭᠡ | ᠵᠠᠩᠭᠢ ᠶᠢᠨ ᠮᠡᠷᠭᠡᠵᠢᠯ ᠢ ᠪᠦᠬᠦ ᠰᠢᠶᠠᠨ ᠤ ᠬᠢᠨᠠᠨ ᠪᠤᠳᠤᠬᠤ ᠰᠢᠰᠲ᠋ᠧᠮ ᠳᠤ ᠬᠡᠷᠡᠭᠯᠡᠬᠦ ᠶᠢ ᠵᠢᠯᠣᠭᠤᠳᠤᠨ | ᠳᠡᠯᠭᠡᠷᠡᠭᠦᠯᠦᠨ᠎ᠡ᠃ | ︵ᠠᠷᠪᠠᠨ ᠨᠢᠭᠡ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠳᠣᠲᠣᠭᠠᠳᠤ ᠶᠢᠨ ᠪᠠᠶᠢᠭᠤᠯᠤᠮᠵᠢ᠄ | 1. ᠠᠯᠪᠠᠨ ᠪᠢᠴᠢᠭ᠄ ᠠᠯᠪᠠᠨ ᠪᠢᠴᠢᠭ ᠰᠢᠢᠳᠪᠦᠷᠢᠯᠡᠬᠦ᠂ ᠮᠡᠳᠡᠭᠡ ᠵᠠᠩᠭᠢ᠂ ᠳᠠᠩᠰᠠ ᠡᠪᠬᠡᠮᠡᠯ᠂ ᠡᠳᠦᠷ | ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠨᠠᠮ ᠤᠨ ᠶᠠᠪᠤᠳᠠᠯ᠂ ᠰᠠᠬᠢᠯᠭ᠎ᠠ ᠪᠠᠲᠤ ᠪᠠᠶᠢᠴᠠᠭᠠᠬᠤ᠂ | ᠡᠳ᠋ ᠤᠨ ᠶᠠᠪᠤᠳᠠᠯ᠂ ᠵᠠᠬᠢᠳᠠᠯ ᠰᠤᠷᠪᠤᠯᠵᠢᠯᠠᠯ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ᠂ ᠠᠮᠤᠷ ᠲᠦᠪᠰᠢᠨ ᠤ | ᠬᠠᠮᠠᠭᠠᠯᠠᠯᠲᠠ ᠵᠡᠷᠭᠡ ᠠᠵᠢᠯ ᠢ ᠡᠭᠦᠷᠭᠡᠯᠡᠨ᠎ᠡ︔ ᠬᠤᠷᠠᠯ ᠤᠨ ᠵᠣᠬᠢᠶᠠᠨ ᠪᠠᠶᠢᠭᠤᠯᠤᠯᠲᠠ ᠪᠠ ᠴᠢᠬᠤᠯᠠ ᠬᠤᠷᠠᠯ ᠤᠨ | ᠮᠠᠲ᠋ᠧᠷᠢᠶᠠᠯ᠂ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠦᠷᠢᠮ ᠢ ᠲᠤᠭᠤᠷᠪᠢᠬᠤ ᠶᠢ | ᠬᠠᠷᠢᠭᠤᠴᠠᠨ᠎ᠠ︔ ᠪᠦᠬᠦ ᠰᠢᠶᠠᠨ ᠤ ᠣᠨ ᠤ ᠬᠢᠨᠠᠨ ᠪᠤᠳᠤᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠬᠢᠨᠠᠨ | ᠪᠤᠳᠤᠬᠤ ᠲᠥᠯᠥᠪᠯᠡᠭᠡ᠂ ᠲᠥᠰᠦᠯ ᠢ ᠨᠠᠶᠢᠳᠠᠪᠤᠷᠢᠵᠢᠭᠤᠯᠬᠤ ᠪᠠ ᠬᠡᠷᠡᠭᠵᠢᠭᠦᠯᠬᠦ ᠶᠢ ᠰᠢᠮᠳᠠᠭᠤᠯᠤᠨ᠎ᠠ︔ ᠪᠦᠬᠦ | ᠰᠢᠶᠠᠨ ᠤ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠪᠠ | ᠬᠢᠨᠠᠨ ᠪᠤᠳᠤᠬᠤ ᠦᠷ᠎ᠡ ᠪᠦᠲᠦᠭᠡᠯ ᠢ ᠪᠦᠷᠢᠳᠬᠡᠨ ᠵᠠᠳᠠᠯᠬᠤ ᠶᠢ ᠵᠣᠬᠢᠶᠠᠨ ᠪᠠᠶᠢᠭᠤᠯᠤᠨ᠎ᠠ᠃ ᠪᠠᠶᠢᠭᠤᠯᠭ᠎ᠠ ᠶᠢᠨ | ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠣᠯᠪᠠᠰᠤᠷᠠᠭᠤᠯᠤᠯ ᠪᠠ ᠬᠢᠨᠠᠨ | ᠪᠤᠳᠤᠬᠤ ᠲᠤᠰᠬᠠᠶ ᠮᠡᠷᠭᠡᠵᠢᠯ ᠤᠨ ᠮᠡᠷᠭᠡᠵᠢᠯ ᠤᠨ ᠴᠣᠯᠠ ᠶᠢ ᠰᠢᠯᠭᠠᠨ ᠦᠨᠡᠯᠡᠬᠦ ᠵᠡᠷᠭᠡ ᠠᠵᠢᠯ ᠢ ᠡᠭᠦᠷᠭᠡᠯᠡᠨ᠎ᠡ︔ | ᠬᠢᠨᠠᠨ ᠪᠤᠳᠤᠬᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠲᠦᠷᠢᠮ ᠲᠣᠭᠲᠠᠭᠠᠯ ᠢ ᠲᠤᠭᠤᠷᠪᠢᠬᠤ ᠠᠵᠢᠯ ᠢ | ᠬᠠᠷᠢᠭᠤᠴᠠᠨ᠎ᠠ︔ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ︔ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠦᠨᠳᠦ ᠶᠡᠭᠡ | ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ ᠵᠣᠬᠢᠴᠠᠭᠤᠯᠬᠤ ᠶᠢ ᠬᠠᠷᠢᠭᠤᠴᠠᠨ᠎ᠠ︔ ᠪᠠᠶᠢᠭᠤᠯᠭ᠎ᠠ ᠶᠢᠨ | ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ︔ | ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠭᠠᠷᠭᠠᠭᠰᠠᠨ ᠡᠯ᠎ᠡ ᠲᠥᠷᠥᠯ ᠤᠨ ᠬᠢᠨᠠᠨ ᠪᠤᠳᠤᠬᠤ ᠪᠢᠴᠢᠭ | ᠮᠠᠲ᠋ᠧᠷᠢᠶᠠᠯ ᠢ ᠰᠢᠭᠦᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠢᠨᠠᠨ ᠪᠣᠳᠣᠬᠤ | ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠬᠢᠨᠠᠨ ᠪᠠᠶᠢᠴᠠᠭᠠᠵᠤ᠃ | ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠠᠯᠪᠠᠨ ᠬᠡᠷ᠂ ᠬᠠᠤᠯᠢ ᠲᠣᠭᠲᠠᠭᠠᠯ ᠤᠨ ᠰᠠᠯᠠᠭ᠎ᠠ᠂ ᠰᠢᠭᠦᠬᠦ | ᠰᠠᠯᠠᠭ᠎ᠠ ᠶᠢᠨ ᠲᠤᠬᠠᠶᠢᠯᠠᠭᠰᠠᠨ ᠠᠵᠢᠯ ᠢ ᠠᠵᠢᠯ ᠲᠥᠷᠥᠯ ᠢᠶᠠᠷ ᠢᠶᠠᠨ ᠡᠭᠦᠷᠭᠡᠯᠡᠨ᠎ᠡ᠃ | 2. ᠡᠳ᠋ ᠤᠨ ᠵᠠᠰᠠᠭ ᠠᠵᠤ ᠠᠬᠤᠶ ᠶᠢᠨ ᠰᠲ᠋ᠣᠺ᠄ ᠰᠢᠶᠠᠨ ᠤ ᠲᠣᠰ ᠱᠠᠲᠤᠨ ᠤ ᠲᠥᠰᠦᠪ ᠢ | ᠬᠡᠷᠡᠭᠵᠢᠭᠦᠯᠦᠭᠰᠡᠨ ᠪᠠᠶᠢᠳᠠᠯ ᠵᠢᠴᠢ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠡᠷᠬᠡ ᠣᠯᠭᠤᠭᠰᠠᠨ | ᠭᠠᠶᠢᠯᠢ ᠰᠤᠶᠢᠳᠭᠡᠯ ᠢ ᠲᠠᠲᠠᠪᠤᠷᠢᠯᠠᠨ ᠬᠠᠮᠢᠶᠠᠷᠬᠤ ᠪᠠᠶᠢᠳᠠᠯ ᠤᠨ ᠲᠤᠬᠠᠶ ᠬᠢᠨᠠᠨ ᠪᠤᠳᠤᠯᠲᠠ ᠶᠢ ᠬᠠᠷᠢᠭᠤᠴᠠᠨ᠎ᠠ︔ | ᠳᠣᠤᠷᠠᠳᠤ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠤᠨ ᠭᠦᠶ᠋ᠴᠡᠳᠬᠡᠯ ᠢ ᠬᠢᠨᠠᠨ | ᠪᠤᠳᠤᠬᠤ ᠶᠢ ᠬᠠᠷᠢᠭᠤᠴᠠᠨ᠎ᠠ︔ ᠰᠢᠶᠠᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ | ᠪᠣᠯᠤᠨ ᠰᠢᠶᠠᠨ ᠤ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠬᠤᠪᠢ | ᠡᠵᠡᠮᠳᠡᠭᠰᠡᠨ ᠪᠤᠶᠤ ᠭᠤᠤᠯᠯᠠᠬᠤ ᠪᠠᠶᠢᠷᠢ ᠰᠠᠭᠤᠷᠢ ᠶᠢ ᠡᠵᠡᠯᠡᠵᠦ ᠪᠠᠶᠢᠭ᠎ᠠ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ ᠪᠠ ᠠᠰᠢᠭ ᠬᠤᠬᠢᠷᠠᠯ ᠤᠨ ᠪᠠᠶᠢᠳᠠᠯ ᠢ ᠬᠢᠨᠠᠨ ᠪᠤᠳᠤᠬᠤ ᠶᠢ | ᠵᠣᠬᠢᠶᠠᠨ ᠪᠠᠶᠢᠭᠤᠯᠤᠨ᠎ᠠ᠃ | ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠬᠢᠨᠠᠨ ᠪᠤᠳᠤᠬᠤ | ᠰᠠᠯᠠᠭ᠎ᠠ᠂ ᠮᠥᠩᠭᠦᠨ ᠭᠦᠢᠯᠭᠡᠭᠡ ᠭᠠᠳᠠᠭᠠᠳᠤ ᠪᠡᠯᠡ ᠶᠢᠨ ᠬᠢᠨᠠᠨ ᠪᠤᠳᠤᠬᠤ ᠰᠠᠯᠠᠭ᠎ᠠ᠂ ᠠᠵᠤ ᠠᠬᠤᠶ ᠠᠷᠠᠯᠵᠢᠶᠠᠨ ᠤ | ᠬᠢᠨᠠᠨ ᠪᠤᠳᠤᠬᠤ ᠰᠠᠯᠠᠭᠠᠨ ᠤ ᠲᠤᠬᠠᠶᠢᠯᠠᠭᠰᠠᠨ ᠠᠵᠢᠯ ᠢ ᠠᠵᠢᠯ ᠲᠥᠷᠥᠯ ᠢᠶᠠᠷ ᠢᠶᠠᠨ ᠡᠭᠦᠷᠭᠡᠯᠡᠨ᠎ᠡ᠃ | ᠬᠠᠷᠢᠯᠴᠠᠬᠤ ᠨᠢᠭᠡᠴᠡ᠄ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠂ ᠮᠥᠩᠭᠦᠨ ᠭᠦᠢᠯᠭᠡᠭᠡᠨ ᠤ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠠᠩᠭᠠᠨ ᠪᠣᠷᠣᠯᠠᠭᠤᠯᠬᠤ ᠬᠤᠷᠰᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠶᠡᠷᠦᠩᠬᠡᠶ ᠡᠪᠯᠡᠯ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠡᠯ᠎ᠡ ᠺᠣᠮᠫᠠᠨᠢ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠃ | 3. ᠲᠠᠷᠢᠶᠠᠯᠠᠩ ᠮᠠᠯ ᠠᠵᠤ ᠠᠬᠤᠶ ᠶᠢᠨ ᠲᠠᠰᠤᠭ᠄ ᠬᠢᠨᠠᠨ ᠪᠣᠳᠣᠬᠤ ᠰᠢᠶᠠᠨ ᠤ ᠵᠠᠰᠠᠭ ᠤᠨ ᠣᠷᠳᠣᠨ ᠤ | ᠬᠠᠮᠢᠶᠠᠷᠤᠯᠲᠠ ᠪᠠ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠲᠠᠷᠢᠶᠠᠯᠠᠩ ᠮᠠᠯ ᠠᠵᠤ | ᠠᠬᠤᠶ᠂ ᠣᠶ ᠰᠢᠭᠤᠶ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠬᠢᠭᠡᠳ ᠲᠠᠷᠢᠶᠠᠯᠠᠩ᠂ ᠣᠶ ᠰᠢᠭᠤᠶ᠂ | ᠤᠰᠤᠨ ᠠᠰᠢᠭᠯᠠᠯᠲᠠ ᠶᠢᠨ ᠲᠤᠰᠬᠠᠶ ᠵᠦᠢᠯ ᠤᠨ ᠪᠡᠯᠡ ᠮᠥᠩᠭᠦ ᠬᠤᠷᠠᠮᠳᠤᠭᠤᠯᠤᠭᠰᠠᠨ᠂ ᠬᠠᠮᠢᠶᠠᠷᠤᠭᠰᠠᠨ᠂ | ᠬᠡᠷᠡᠭᠯᠡᠭᠰᠡᠨ ᠪᠠᠶᠢᠳᠠᠯ ᠢ ᠬᠠᠷᠢᠭᠤᠴᠠᠨ᠎ᠠ︔ ᠬᠠᠮᠢᠶ᠎ᠠ ᠪᠦᠬᠦᠢ ᠲᠤᠰᠬᠠᠶ ᠵᠦᠢᠯ ᠤᠨ ᠬᠢᠨᠠᠨ ᠪᠣᠳᠣᠯᠲᠠ ᠶᠢᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠰᠢᠶᠠᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ | ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠠᠵᠢᠯ ᠤᠨ ᠳᠦᠷᠢᠮ ᠲᠣᠭᠲᠠᠭᠠᠯ ᠢ ᠲᠤᠭᠤᠷᠪᠢᠵᠤ᠂ ᠰᠢᠶᠠᠩ | ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠪᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠤᠰᠢᠶᠠᠯ ᠤᠨ ᠬᠤᠭᠤᠴᠠᠭᠠᠨ ᠳᠠᠬᠢ ᠠᠵᠤ ᠠᠬᠤᠶ ᠶᠢᠨ | ᠬᠠᠷᠢᠭᠤᠴᠠᠯᠭ᠎ᠠ ᠶᠢ ᠬᠢᠨᠠᠨ ᠪᠣᠳᠣᠬᠤ ᠠᠵᠢᠯ ᠢ ᠡᠭᠦᠷᠭᠡᠯᠡᠨ᠎ᠡ᠃ ᠰᠢᠶᠠᠨ ᠤ ᠱᠠᠲᠤᠨ ᠤ ᠲᠥᠰᠦᠪ ᠤᠨ ᠠᠵᠢᠯ | ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠤᠯᠤᠰ ᠤᠨ ᠥᠮᠴᠢᠯᠡᠯ ᠤᠨ ᠵᠢᠴᠢ ᠤᠯᠤᠰ ᠤᠨ | ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠲᠤᠰᠢᠶᠠᠯ ᠤᠨ | ᠬᠤᠭᠤᠴᠠᠭᠠᠨ ᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠡᠭᠦᠷᠭᠡᠯᠡᠨ᠎ᠡ︔ ᠰᠢᠶᠠᠨ ᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠶᠢᠳᠠᠭᠰᠠᠨ ᠪᠤᠰᠤᠳ ᠤᠳᠤᠷᠢᠳᠬᠤ ᠺᠠᠳ᠋ᠷ ᠤᠨ ᠠᠵᠤ | ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠡᠭᠦᠷᠭᠡᠯᠡᠨ᠎ᠡ︔ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ︵ᠠᠵᠢᠯ ᠲᠥᠷᠥᠯ᠂ ᠰᠢᠰᠲ᠋ᠧᠮ︶ ᠤᠨ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ | ᠬᠢᠨᠠᠨ ᠪᠤᠳᠤᠬᠤ ᠬᠠᠮᠢᠶ᠎ᠠ ᠪᠦᠬᠦᠢ ᠲᠦᠷᠢᠮ ᠪᠠ ᠠᠷᠭ᠎ᠠ ᠶᠢ ᠲᠣᠭᠲᠠᠭᠠᠵᠤ᠂ ᠲᠤᠰᠬᠠᠶ ᠰᠡᠳᠦᠪ ᠢᠶᠠᠷ ᠬᠢᠨᠠᠨ ᠪᠤᠳᠤᠬᠤ | ᠪᠠᠶᠢᠴᠠᠭᠠᠯᠲᠠ ᠥᠷᠨᠢᠭᠦᠯᠦᠨ᠎ᠡ | ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠲᠠᠷᠢᠶᠠᠯᠠᠩ ᠤᠨ ᠬᠢᠨᠠᠨ ᠪᠤᠳᠤᠬᠤ ᠰᠠᠯᠠᠭ᠎ᠠ᠂ ᠠᠵᠤ | ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠰᠠᠯᠠᠭ᠎ᠠ᠂ ᠡᠯᠧᠺᠳ᠋ᠷᠣᠨ ᠲᠤᠭ᠎ᠠ ᠪᠠᠷᠢᠮᠲᠠ ᠶᠢᠨ ᠰᠠᠯᠠᠭᠠᠨ ᠤ | ᠡᠭᠦᠷᠭᠡ ᠶᠢ ᠠᠵᠢᠯ ᠲᠥᠷᠥᠯ ᠢᠶᠠᠷ ᠢᠶᠠᠨ ᠡᠭᠦᠷᠭᠡᠯᠡᠨ᠎ᠡ᠃ | ᠬᠠᠷᠢᠯᠴᠠᠬᠤ ᠨᠢᠭᠡᠴᠡ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠣᠶ ᠰᠢᠭᠤᠶ ᠶᠢᠨ ᠲᠣᠪᠴᠢᠶ᠎ᠠ᠂ ᠲᠠᠷᠢᠶᠠᠯᠠᠩ ᠤᠨ ᠮᠠᠰᠢᠨ ᠤ ᠲᠣᠪᠴᠢᠶ᠎ᠠ᠂ ᠶᠠᠳᠠᠭᠤ ᠶᠢ ᠲᠡᠳᠬᠦᠬᠦ | ᠠᠯᠪᠠᠨ ᠬᠡᠷ᠂ ᠴᠧᠩ ᠭᠤᠸᠠᠨ ᠪᠠᠯᠭᠠᠰᠤ᠂ ᠵᠠᠩ ᠭᠤᠤ ᠪᠠᠯᠭᠠᠰᠤ᠂ ᠡᠷᠳᠡᠨᠢ ᠪᠠᠯᠭᠠᠰᠤ᠂ ᠰᠠᠶᠢᠨ ᠤᠰᠤ ᠪᠠᠯᠭᠠᠰᠤ᠂ | ᠦᠨᠳᠦᠰᠦᠲᠡᠨ ᠤ ᠪᠦᠯᠬᠦᠮᠳᠡᠯ ᠰᠢᠶᠠᠩ᠂ ᠳ᠋ᠠ ᠲᠦᠩ ᠶᠣᠣ ᠰᠢᠶᠠᠩ᠂ ᠶᠡᠭᠡ ᠬᠦᠷᠢᠶ᠎ᠡ ᠰᠢᠶᠠᠩ᠂ ᠡᠤ ᠬᠥ᠋ ᠴᠢᠤᠸᠠᠨ | ᠰᠢᠶᠠᠩ᠃ | 4. ᠵᠠᠰᠠᠭ ᠵᠠᠬᠢᠷᠭᠠᠨ ᠤ ᠠᠵᠢᠯ ᠦᠢᠯᠡᠰ ᠪᠠ ᠨᠡᠶᠢᠭᠡᠮ ᠤᠨ ᠳᠠᠭᠠᠳᠬᠠᠯ ᠤᠨ ᠲᠠᠰᠤᠭ᠄ ᠰᠢᠶᠠᠨ ᠤ ᠵᠠᠰᠠᠭ | ᠵᠠᠬᠢᠷᠭᠠᠨ ᠤ ᠪᠠᠶᠢᠭᠤᠯᠭ᠎ᠠ᠂ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠪᠠ ᠰᠢᠶᠠᠨ ᠤ ᠡᠳ᠋ ᠤᠨ ᠵᠠᠰᠠᠭ ᠤᠨ | ᠵᠣᠭᠤᠰ ᠰᠠᠯᠭᠠᠨ ᠥᠭᠬᠦ ᠬᠠᠷᠢᠴᠠᠭ᠎ᠠ ᠲᠠᠢ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ | ᠪᠦᠯᠬᠦᠮ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ | ᠬᠠᠮᠢᠶ᠎ᠠ ᠪᠦᠬᠦᠢ ᠰᠠᠯᠠᠭ᠎ᠠ ᠮᠥᠴᠢᠷ᠂ ᠵᠠᠰᠠᠭ ᠤᠨ ᠣᠷᠳᠣᠨ ᠤ ᠬᠠᠮᠢᠶᠠᠷᠤᠯᠲᠠ ᠪᠠ ᠪᠤᠰᠤᠳ ᠨᠢᠭᠡᠴᠡ ᠶᠢᠨ ᠵᠠᠰᠠᠭ ᠤᠨ | ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠠᠰᠤᠵᠢᠯ ᠤᠨ | ᠳᠠᠭᠠᠳᠬᠠᠯ ᠤᠨ ᠰᠠᠭᠤᠷᠢ ᠮᠥᠩᠭᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ᠂ | ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠪᠠ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ | ᠵᠢᠴᠢ ᠪᠤᠰᠤᠳ ᠬᠤᠯᠪᠣᠭᠳᠠᠯ ᠪᠦᠬᠦᠢ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ ᠶᠢ ᠬᠢᠨᠠᠨ ᠪᠤᠳᠤᠬᠤ ᠶᠢ ᠬᠠᠷᠢᠭᠤᠴᠠᠨ᠎ᠠ︔ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ | ᠪᠠᠷᠢᠯᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠵᠢᠴᠢ ᠠᠵᠢᠯ ᠣᠯᠭᠤᠯᠲᠠ ᠶᠢᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠨ᠎ᠠ᠃ | ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠬᠢᠨᠠᠨ ᠪᠤᠳᠤᠬᠤ | ᠰᠠᠯᠠᠭ᠎ᠠ᠂ ᠨᠡᠶᠢᠭᠡᠮ ᠤᠨ ᠪᠠᠲᠤᠯᠠᠭ᠎ᠠ ᠶᠢᠨ ᠬᠢᠨᠠᠨ ᠪᠤᠳᠤᠬᠤ ᠰᠠᠯᠠᠭ᠎ᠠ᠂ ᠨᠡᠶᠢᠭᠡᠮ ᠠᠷᠠᠳ ᠤᠨ ᠠᠮᠢᠳᠤᠷᠠᠯ ᠤᠨ ᠬᠢᠨᠠᠨ | ᠪᠤᠳᠤᠬᠤ ᠰᠠᠯᠠᠭ᠎ᠠ ᠶᠢᠨ ᠲᠤᠬᠠᠶᠢᠯᠠᠭᠰᠠᠨ ᠠᠵᠢᠯ ᠢ ᠠᠵᠢᠯ ᠲᠥᠷᠥᠯ ᠢᠶᠠᠷ ᠢᠶᠠᠨ ᠡᠭᠦᠷᠭᠡᠯᠡᠨ᠎ᠡ᠃ | ᠬᠠᠷᠢᠯᠴᠠᠬᠤ ᠨᠢᠭᠡᠴᠡ᠄ ᠠᠵᠢᠯᠲᠠᠨ ᠤ ᠲᠣᠪᠴᠢᠶ᠎ᠠ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ | ᠣᠯᠭᠤᠯᠲᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠲᠣᠭᠤᠷᠢᠨ ᠪᠠᠶᠢᠴᠠᠭᠠᠬᠤ ᠠᠯᠪᠠᠨ ᠬᠡᠷ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ᠂ ᠨᠠᠮ ᠤᠨ ᠰᠤᠷᠭᠠᠭᠤᠯᠢ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠣᠷᠣᠨ | ᠲᠤᠭ᠎ᠠ ᠶᠢᠨ ᠠᠯᠪᠠᠨ ᠬᠡᠷ᠂ ᠲᠠᠩᠰᠠ ᠡᠪᠬᠡᠮᠡᠯ ᠤᠨ ᠲᠣᠪᠴᠢᠶ᠎ᠠ᠃ | 5. ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠠᠰᠤᠭ᠄ ᠰᠢᠶᠠᠨ ᠤ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠪᠠ ᠰᠢᠶᠠᠨ ᠤ ᠵᠠᠰᠠᠭ ᠤᠨ ᠣᠷᠳᠣᠨ ᠢᠶᠠᠷ ᠭᠤᠣᠯ ᠪᠣᠯᠭᠠᠭᠰᠠᠨ ᠡᠵᠡᠩᠨᠡᠯᠲᠡ ᠶᠢᠨ ᠴᠢᠨᠠᠷᠲᠠᠢ | ᠵᠦᠢᠯᠡᠰ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠥᠪ ᠤᠨ ᠭᠦᠢᠴᠡᠳᠬᠡᠯ ᠢ ᠬᠢᠨᠠᠨ ᠪᠤᠳᠤᠵᠤ᠂ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠢᠨᠠᠨ ᠪᠤᠳᠤᠯᠳᠠ ᠬᠢᠵᠦ ᠬᠢᠨᠠᠯᠲᠠ ᠲᠠᠯᠪᠢᠨ᠎ᠠ︔ | ᠬᠢᠨᠠᠨ ᠪᠣᠳᠣᠬᠤ ᠲᠢᠩᠬᠢᠮ᠂ ᠬᠤᠲᠠ ᠶᠢᠨ ᠬᠢᠨᠠᠨ ᠪᠣᠳᠣᠬᠤ ᠲᠣᠪᠴᠢᠶ᠎ᠠ ᠠᠴᠠ ᠡᠷᠬᠡ ᠣᠯᠭᠤᠭᠰᠠᠨ ᠪᠦᠲᠦᠭᠡᠨ | ᠪᠠᠶᠢᠭᠤᠯᠤᠯᠲᠠ ᠶᠢᠨ ᠵᠦᠢᠯᠡᠰ ᠪᠠ ᠪᠠᠷᠢᠯᠭ᠎ᠠ ᠶᠢᠨ ᠠᠵᠤ ᠠᠬᠤᠶᠢᠯᠠᠯ ᠳᠤ ᠬᠢᠨᠠᠨ ᠪᠣᠳᠣᠯᠲᠠ ᠬᠢᠵᠦ ᠬᠢᠨᠠᠯᠲᠠ | ᠲᠠᠯᠪᠢᠬᠤ ᠶᠢ ᠵᠣᠬᠢᠶᠠᠨ ᠪᠠᠶᠢᠭᠤᠯᠤᠨ᠎ᠠ᠃ ᠡᠳ᠋ ᠤᠨ ᠵᠠᠰᠠᠭ ᠤᠨ ᠪᠡᠯᠡ ᠭᠠᠷᠭᠠᠭᠰᠠᠨ ᠰᠠᠭᠤᠷᠢ ᠪᠡᠯᠡᠳᠬᠡᠮᠵᠢ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ ᠵᠦᠢᠯ ᠤᠨ ᠲᠥᠰᠦᠪ ᠤᠨ ᠬᠡᠷᠡᠭᠵᠢᠭᠦᠯᠦᠯᠲᠡ ᠪᠠ ᠲᠥᠰᠦᠪ ᠤᠨ | ᠭᠦᠢᠴᠡᠳᠬᠡᠯ ᠵᠢᠴᠢ ᠵᠣᠬᠢᠬᠤ ᠲᠥᠷᠥᠯ ᠵᠦᠢᠯ ᠲᠠᠢ ᠰᠢᠭᠤᠳ ᠬᠤᠯᠪᠣᠭᠳᠠᠬᠤ ᠪᠦᠲᠦᠭᠡᠨ ᠪᠠᠶᠢᠭᠤᠯᠤᠯᠲᠠ᠂ ᠬᠠᠶᠢᠨ | ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠬᠤᠳᠠᠯᠳᠤᠨ ᠠᠪᠬᠤ᠂ ᠪᠠᠷᠠᠭ᠎ᠠ | ᠬᠠᠩᠭᠠᠬᠤ ᠵᠡᠷᠭᠡ ᠨᠢᠭᠡᠴᠡ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠶᠢᠨ ᠬᠢᠨᠠᠯᠲᠠ | ᠲᠠᠯᠪᠢᠯᠲᠠ ᠶᠢ ᠬᠠᠷᠢᠭᠤᠴᠠᠨ᠎ᠠ︔ ᠬᠠᠮᠢᠶ᠎ᠠ ᠪᠦᠬᠦᠢ ᠲᠤᠰᠬᠠᠶ ᠵᠦᠢᠯ ᠤᠨ ᠪᠡᠯᠡ ᠣᠷᠣᠭᠤᠯᠤᠯᠲᠠ ᠶᠢᠨ ᠬᠢᠨᠠᠨ | ᠪᠣᠳᠣᠯᠲᠠ ᠪᠠ ᠬᠢᠨᠠᠨ ᠪᠣᠳᠣᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ︔ ᠰᠢᠶᠠᠨ ᠤ ᠵᠠᠰᠠᠭ ᠤᠨ | ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶᠠᠷᠴᠤ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ | ᠡᠳ᠋ ᠬᠥᠷᠥᠩᠭᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠮᠥᠩᠭᠦ ᠶᠢ ᠬᠤᠷᠠᠮᠳᠤᠭᠤᠯᠬᠤ | ᠂ ᠬᠠᠮᠢᠶᠠᠷᠬᠤ᠂ ᠬᠡᠷᠡᠭᠯᠡᠵᠦ ᠪᠠᠶᠢᠭ᠎ᠠ ᠪᠠᠶᠢᠳᠠᠯ ᠢ ᠬᠠᠷᠢᠭᠤᠴᠠᠨ᠎ᠠ︔ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠵᠡᠷᠭᠡ ᠬᠠᠮᠢᠶ᠎ᠠ ᠪᠦᠬᠦᠢ ᠲᠤᠰᠬᠠᠶ ᠵᠦᠢᠯ ᠤᠨ | ᠬᠢᠨᠠᠨ ᠪᠣᠳᠣᠯᠲᠠ ᠪᠠ ᠬᠢᠨᠠᠨ ᠪᠣᠳᠣᠯᠲᠠ ᠶᠢᠨ ᠪᠠᠶᠢᠴᠠᠭᠠᠯᠲᠠ ᠥᠷᠨᠢᠭᠦᠯᠬᠦ ᠶᠢ ᠬᠠᠷᠢᠭᠤᠴᠠᠨ᠎ᠠ︔ ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠪᠠᠲᠤᠯᠠᠬᠤ᠂ ᠲᠠᠯᠪᠢᠬᠤ | ᠬᠠᠮᠢᠶᠠᠷᠬᠤ ᠦᠢᠯᠡᠴᠢᠯᠡᠬᠦ ᠵᠡᠷᠭᠡ ᠪᠠᠶᠢᠳᠠᠯ ᠤᠨ ᠲᠣᠭᠤᠷᠢᠨ ᠳᠤ ᠬᠠᠮᠢᠶ᠎ᠠ ᠪᠦᠬᠦᠢ ᠲᠤᠰᠬᠠᠶ ᠵᠦᠢᠯ ᠤᠨ ᠬᠢᠨᠠᠨ | ᠪᠣᠳᠣᠯᠲᠠ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠦᠨ᠎ᠡ᠃ | ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠬᠢᠨᠠᠨ ᠪᠣᠳᠣᠬᠤ ᠰᠠᠯᠠᠭ᠎ᠠ᠂ ᠡᠬᠢ ᠪᠠᠶᠠᠯᠢᠭ ᠣᠷᠴᠢᠨ ᠲᠣᠭᠤᠷᠢᠨ ᠤ ᠬᠢᠨᠠᠨ ᠪᠣᠳᠣᠬᠤ ᠰᠠᠯᠠᠭ᠎ᠠ᠂ ᠶᠡᠷᠦᠩᠬᠡᠶᠢᠯᠡᠭᠰᠡᠨ | ᠬᠢᠨᠠᠨ ᠪᠣᠳᠣᠬᠤ ᠰᠠᠯᠠᠭ᠎ᠠ ᠶᠢᠨ ᠲᠤᠬᠠᠶᠢᠯᠠᠭᠰᠠᠨ ᠠᠵᠢᠯ ᠢ ᠠᠵᠢᠯ ᠲᠦᠷᠦᠯ ᠢᠶᠠᠷ ᠡᠭᠦᠷᠭᠡᠯᠡᠨ᠎ᠡ᠃ | ᠬᠠᠷᠢᠯᠴᠠᠬᠤ ᠨᠢᠭᠡᠴᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠣᠨ | ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠴᠡᠴᠡᠷᠯᠢᠭ ᠤᠨ ᠦᠢᠯᠡᠴᠢᠯᠡᠭᠡᠨ ᠤ ᠲᠥᠪ᠂ | ᠵᠢᠭᠤᠯᠴᠢᠯᠠᠯ ᠤᠨ ᠦᠢᠯᠡᠴᠢᠯᠡᠭᠡᠨ ᠤ ᠲᠥᠪ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ᠂ ᠰᠢᠩ ᠹᠠ | ᠺᠣᠮᠫᠠᠨᠢ᠂ ᠸᠧᠨ ᠰᠢᠩ ᠢᠯᠴᠢ ᠶᠢᠨ ᠬᠦᠴᠦᠨ ᠤ ᠺᠣᠮᠫᠠᠨᠢ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ᠂ ᠤᠰᠤᠨ ᠤ ᠪᠠᠯᠠ ᠣᠷᠣᠭᠤᠯᠤᠯᠲᠠ ᠶᠢᠨ ᠺᠣᠮᠫᠠᠨᠢ᠂ ᠶᠠᠳᠠᠭᠤ ᠶᠢ ᠲᠡᠳᠬᠦᠬᠦ ᠪᠠᠯᠠ ᠣᠷᠣᠭᠤᠯᠤᠯᠲᠠ ᠶᠢᠨ | ᠺᠣᠮᠫᠠᠨᠢ᠃ | ᠬᠠᠷᠢᠭᠤᠴᠠᠯᠭᠠᠲᠠᠨ᠄ ᠸᠠᠩ ᠵᠢᠶᠠᠨ ᠸᠧᠨ | ᠬᠠᠶ᠋ᠢᠭ᠄ ᠰᠢᠩ ᠾᠧ ᠰᠢᠶᠠᠨ ᠤ ᠨᠠᠮ ᠵᠠᠰᠠᠭ ᠤᠨ ᠲᠣᠮᠣ ᠠᠰᠠᠷ ᠤᠨ 5 ᠳ᠋ᠤᠭᠠᠷ ᠠᠰᠠᠷ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - | 18᠄ 00 | ᠬᠠᠷᠢᠯᠴᠠᠬᠤ ᠤᠲᠠᠰᠤ᠄ 0474 - 7212501 | ᠬᠢᠨᠠᠯᠲᠠ ᠲᠠᠯᠪᠢᠬᠤ ᠤᠲᠠᠰᠤ᠄ 0474 - 7212501 | | |