ᠭᠤᠣᠯ ᠡᠭᠦᠷᠭᠡ ᠬᠠᠷᠢᠭᠤᠴᠠᠯᠭ᠎ᠠ᠄ | ᠰᠢᠩ ᠾᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠤᠯᠠᠭᠠᠨᠴᠠᠪ | ᠬᠤᠲᠠ ᠶᠢᠨ ᠨᠠᠮ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠰᠢᠶᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ︔ ᠬᠤᠲᠠ ᠶᠢᠨ ᠶᠠᠪᠤᠳᠠᠯ ᠤᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠪᠣᠯᠤᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠪᠣᠯᠤᠨ | ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠬᠠᠷᠢᠭᠤᠴᠠᠨ᠎ᠠ︔ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠪᠣᠯᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠭᠠᠯ ᠤᠨᠲᠠᠷᠠᠭᠠᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠬᠤ᠂ ᠰᠢᠯᠭᠠᠨ ᠠᠪᠴᠤ ᠳᠠᠩᠰᠠᠯᠠᠬᠤ ᠠᠵᠢᠯ ᠢ ᠬᠠᠷᠢᠭᠤᠴᠠᠨ᠎ᠠ︔ ᠪᠠᠷᠢᠯᠭ᠎ᠠ ᠶᠢ ᠮᠡᠳᠡᠭᠦᠯᠦᠨ ᠪᠠᠶᠢᠭᠤᠯᠬᠤ᠂ | ᠶᠠᠰᠤ ᠴᠢᠨᠠᠷ ᠲᠤ ᠬᠢᠨᠠᠯᠲᠠ ᠲᠠᠯᠪᠢᠬᠤ᠂ ᠠᠮᠤᠷ ᠲᠦᠪᠰᠢᠨ ᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠴᠤ ᠳᠠᠩᠰᠠᠯᠠᠭᠤᠯᠬᠤ ᠶᠢ ᠭᠦᠢᠴᠡᠳᠬᠡᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ | ᠡᠪᠬᠡᠮᠡᠯ ᠢ ᠰᠢᠰᠲ᠋ᠧᠮᠵᠢᠭᠦᠯᠦᠨ ᠬᠠᠮᠢᠶᠠᠷᠤᠨ᠎ᠠ᠃ | ᠳᠣᠲᠣᠭᠠᠳᠤ ᠶᠢᠨ ᠪᠠᠶᠢᠭᠤᠯᠤᠮᠵᠢ᠄ | ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠲᠦᠷᠢᠮ | ᠲᠣᠭᠲᠠᠭᠠᠯ ᠤᠨ ᠪᠠᠶᠢᠭᠤᠯᠤᠯᠲᠠ ᠶᠢ ᠡᠭᠦᠷᠭᠡᠯᠡᠵᠦ᠂ ᠬᠤᠷᠠᠯ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠨᠢᠭᠤᠴᠠ | ᠴᠢᠬᠤᠯᠠ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠨ | ᠰᠢᠢᠳᠪᠤᠷᠢᠯᠡᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠶ᠋ᠴᠡᠳᠬᠡᠬᠦ᠂ ᠵᠠᠬᠢᠳᠠᠯ ᠰᠤᠷᠪᠤᠯᠵᠢᠯᠠᠭ᠎ᠠ ᠶᠢᠨ | ᠶᠡᠷᠦᠩᠬᠡᠶᠢᠯᠡᠨ ᠵᠠᠰᠠᠬᠤ᠂ ᠪᠢᠴᠢᠭ ᠬᠠᠷ᠎ᠠ ᠶᠢᠨ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ᠂ | ᠠᠷᠤ ᠲᠠᠯ᠎ᠠ ᠶᠢᠨ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠠᠵᠢᠯᠯᠠᠬᠤ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠵᠣᠬᠢᠶᠠᠨ ᠪᠠᠶᠢᠭᠤᠯᠤᠨ ᠭᠦᠢᠴᠡᠳᠬᠡᠨ᠎ᠡ᠃ | ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ | ᠬᠥᠳᠡᠯᠮᠦᠷᠢ ᠴᠠᠯᠢᠩ᠂ ᠮᠡᠷᠭᠡᠵᠢᠯ ᠤᠨ ᠴᠣᠯᠠ ᠶᠢᠨ ᠬᠠᠮᠢᠶᠠᠷᠤᠯᠲᠠ᠂ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ | ᠬᠠᠷᠢᠭᠤᠴᠠᠨ᠎ᠠ᠃ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ | ᠬᠠᠷᠢᠭᠤᠴᠠᠨ᠎ᠠ᠃ ᠺᠠᠳ᠋ᠷ ᠢ ᠬᠢᠨᠠᠨ ᠰᠢᠯᠭᠠᠬᠤ᠂ ᠲᠣᠮᠢᠯᠠᠵᠤ ᠪᠠᠭᠤᠯᠭᠠᠬᠤ᠂ ᠰᠢᠯᠵᠢᠭᠦᠯᠦᠨ ᠲᠣᠬᠢᠷᠠᠭᠤᠯᠬᠤ᠂ ᠱᠠᠩᠨᠠᠵᠤ | ᠲᠣᠷᠭᠠᠬᠤ᠂ ᠪᠣᠯᠪᠠᠰᠤᠷᠠᠭᠤᠯᠬᠤ᠂ ᠪᠦᠷᠢᠳᠬᠡᠬᠦ ᠵᠢᠴᠢ ᠪᠡᠯᠡᠳᠬᠡᠯ ᠺᠠᠳ᠋ᠷ ᠤᠨ ᠠᠵᠢᠯ ᠢ ᠬᠠᠷᠢᠭᠤᠴᠠᠨ᠎ᠠ᠃ | ᠲᠣᠪᠴᠢᠶ᠎ᠠ ᠶᠢᠨ ᠬᠠᠷᠢᠶ᠎ᠠ ᠨᠢᠭᠡᠴᠢ ᠶᠢᠨ ᠲᠤᠰᠬᠠᠶ ᠮᠡᠷᠭᠡᠵᠢᠯ ᠤᠨ ᠲᠤᠰᠢᠶᠠᠯ ᠢ ᠬᠠᠷᠢᠭᠤᠴᠠᠨ᠎ᠠ︶ ᠦᠷᠭᠦᠯᠵᠢᠯᠡᠨ | ᠬᠦᠮᠦᠵᠢᠭᠦᠯᠬᠦ ᠵᠢᠴᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠮᠡᠷᠭᠡᠵᠢᠯ ᠤᠨ ᠠᠵᠢᠯᠲᠠᠨ ᠤ ᠵᠡᠷᠭᠡ ᠳᠡᠰ ᠢ | ᠦᠨᠡᠯᠡᠨ ᠲᠣᠭᠲᠠᠭᠠᠬᠤ ᠠᠵᠢᠯ ᠢ ᠬᠢᠨᠠᠨ ᠰᠢᠯᠭᠠᠵᠤ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠤᠨ | ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠬᠠᠷᠢᠭᠤᠴᠠᠨ᠎ᠠ᠃ | ᠰᠢᠶᠠᠨ ᠤ ᠲᠤᠰ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠬᠤᠷᠠᠮᠳᠤᠭᠤᠯᠬᠤ᠂ ᠬᠠᠮᠢᠶᠠᠷᠬᠤ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ | ᠬᠠᠷᠢᠭᠤᠴᠠᠨ᠎ᠠ︔ ᠪᠦᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠷᠤᠳᠠᠯ ᠢ ᠬᠡᠷᠡᠭᠯᠡᠬᠦ ᠪᠠ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠢᠨᠠᠨ ᠬᠠᠮᠢᠶᠠᠷᠤᠨ᠎ᠠ᠃ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠳᠠᠩᠰᠠ ᠡᠪᠬᠡᠮᠡᠯ᠂ ᠮᠠᠲ᠋ᠧᠷᠢᠶᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ | ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ | ᠲᠠᠲᠠᠪᠤᠷᠢᠯᠠᠬᠤ ᠠᠵᠢᠯ ᠢ ᠵᠢᠯᠣᠭᠤᠳᠴᠤ ᠬᠢᠨᠠᠯᠲᠠ ᠲᠠᠯᠪᠢᠨ ᠪᠠᠶᠢᠴᠠᠭᠠᠨ᠎ᠠ᠃ ᠲᠤᠰ ᠱᠠᠲᠤᠨ ᠤ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠡᠯ᠎ᠡ ᠵᠦᠢᠯ ᠤᠨ ᠪᠡᠯᠡ ᠮᠥᠩᠭᠦ ᠪᠠ ᠳᠣᠲᠣᠭᠠᠳᠤ ᠶᠢᠨ ᠬᠢᠨᠠᠨ ᠪᠤᠳᠤᠯᠲᠠ ᠶᠢ | ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠢᠰᠲ᠋ᠧᠮ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠨ ᠤ | ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ | ᠨᠠᠶᠢᠳᠠᠪᠤᠷᠢᠵᠢᠭᠤᠯᠵᠤ᠃ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠲᠣᠪᠴᠢᠶ᠎ᠠ ᠶᠢᠨ | ᠪᠠᠶᠢᠭᠤᠯᠤᠯᠭ᠎ᠠ ᠪᠣᠯᠤᠨ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠡᠯ᠎ᠡ ᠲᠥᠷᠥᠯ ᠤᠨ ᠳᠠᠭᠠᠳᠬᠠᠯ ᠪᠣᠯᠤᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠵᠠᠷᠤᠳᠠᠯ ᠢ ᠬᠤᠷᠢᠶᠠᠨ ᠠᠪᠬᠤ ᠪᠠ | ᠬᠠᠮᠢᠶᠠᠷᠬᠤ ᠪᠠ ᠴᠠᠭ ᠬᠤᠭᠤᠴᠠᠭ᠎ᠠ ᠶᠣᠰᠣᠭᠠᠷ ᠴᠠᠯᠢᠩ ᠥᠭᠬᠦ ᠶᠢ ᠬᠠᠷᠢᠭᠤᠴᠠᠨ ᠵᠢᠯᠣᠭᠤᠳᠤᠨ᠎ᠠ︔ ᠬᠠᠷᠢᠶ᠎ᠠ ᠪᠦᠬᠦᠢ | ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ ᠬᠢᠨᠠᠯᠲᠠ ᠲᠠᠯᠪᠢᠨ᠎ᠠ᠃ | ︵ᠬᠤᠶᠠᠷ︶ ᠪᠠᠷᠢᠯᠭ᠎ᠠ ᠶᠢᠨ ᠬᠠᠮᠢᠶᠠᠷᠤᠯᠲᠠ ᠶᠢᠨ ᠲᠠᠰᠤᠭ᠃ ᠪᠠᠷᠢᠯᠭ᠎ᠠ ᠶᠢᠨ ᠵᠠᠬ᠎ᠠ ᠳᠡᠯᠭᠡᠭᠦᠷ ᠢ | ᠵᠢᠷᠤᠮᠵᠢᠭᠤᠯᠬᠤ᠂ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠦᠲᠦᠭᠡᠨ ᠪᠠᠶᠢᠭᠤᠯᠤᠯᠲᠠ ᠶᠢ ᠬᠢᠨᠠᠨ ᠬᠠᠮᠢᠶᠠᠷᠬᠤ᠂ ᠭᠡᠷ᠎ᠡ ᠶᠢ ᠬᠠᠮᠢᠶᠠᠷᠬᠤ᠂ | ᠪᠠᠷᠢᠯᠭ᠎ᠠ ᠶᠢ ᠬᠠᠮᠢᠶᠠᠷᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠪᠠ ᠳᠦᠷᠢᠮ ᠲᠣᠭᠲᠠᠭᠠᠯ ᠢ ᠲᠤᠤᠱᠯᠠᠭᠤᠯᠤᠨ | ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠳᠤ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ | ᠠᠵᠢᠯ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠵᠢᠯᠣᠭᠤᠳᠤᠨ᠎ᠠ᠃ ᠬᠠᠤᠯᠢ ᠲᠣᠭᠲᠠᠭᠠᠯ ᠠᠴᠠ | ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠠᠷᠢᠯᠭ᠎ᠠ ᠶᠢᠨ ᠦᠢᠯᠡᠰ ᠤᠨ | ᠠᠵᠤ ᠠᠬᠤᠶᠢᠯᠠᠯ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠠᠵᠤ ᠠᠬᠤᠶᠢᠯᠠᠯ᠂ ᠬᠠᠶᠢᠨ ᠪᠠᠶᠢᠴᠠᠭᠠᠬᠤ ᠵᠢᠷᠤᠭ | ᠲᠥᠯᠥᠪᠯᠡᠭᠡ ᠶᠢᠨ ᠯᠠᠪᠯᠠᠯᠭ᠎ᠠ ᠥᠭᠬᠦ ᠨᠢᠭᠡᠴᠡ᠂ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠨᠢᠭᠡᠴᠡ᠂ | ᠪᠠᠶᠢᠴᠠᠭᠠᠨ ᠬᠡᠮᠵᠢᠬᠦ ᠲᠤᠷᠰᠢᠯᠲᠠ ᠶᠢᠨ ᠪᠠᠶᠢᠭᠤᠯᠤᠮᠵᠢ ᠶᠢᠨ ᠬᠢᠷᠢ ᠭᠡᠮ ᠪᠣᠯᠤᠨ ᠠᠵᠢᠯᠲᠠᠨ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠨ᠎ᠠ᠃ ᠪᠠᠷᠢᠯᠭ᠎ᠠ ᠶᠢᠨ ᠠᠵᠢᠯ ᠤᠨ ᠵᠣᠭᠤᠰ ᠪᠣᠯᠤᠨ ᠲᠠᠷᠢᠶᠠᠴᠢᠳ ᠤᠨ ᠴᠠᠯᠢᠩ ᠤᠨ ᠥᠷᠢ | ᠰᠢᠷᠢ ᠶᠢ ᠢᠯᠭᠠᠷᠠᠭᠤᠯᠬᠤ ᠠᠵᠢᠯ ᠢ ᠬᠠᠷᠢᠭᠤᠴᠠᠬᠤ ᠬᠡᠷᠡᠭᠲᠡᠶ᠃ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠵᠥᠪᠰᠢᠶᠡᠷᠡᠯ ᠭᠤᠶᠤᠴᠢᠯᠠᠬᠤ᠂ ᠨᠤᠲᠠᠯᠠᠬᠤ᠂ ᠱᠠᠩᠨᠠᠬᠤ᠂ ᠣᠯᠭᠤᠬᠤ ᠵᠦᠢᠯᠡᠰ ᠢ ᠬᠦᠯᠢᠶᠡᠨ ᠠᠪᠴᠤ | ᠰᠢᠶ᠋ᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ | ᠬᠠᠮᠢᠶᠠᠷᠤᠯᠲᠠ ᠶᠢᠨ ᠦᠶ᠋ᠯᠡᠴᠢᠯᠡᠭᠡᠨ ᠤ ᠲᠥᠷᠥᠯ ᠵᠡᠷᠭᠡ ᠵᠦᠶ᠋ᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ | ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯᠭᠦᠢ | ᠦᠢᠯᠡᠳᠪᠦᠷᠢᠯᠡᠯ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠦᠨᠳᠦ ᠶᠡᠭᠡ ᠶᠠᠰᠤ ᠴᠢᠨᠠᠷ᠂ ᠠᠮᠤᠷ | ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠠᠶᠢᠭᠤᠯᠵᠤ ᠪᠠᠶᠢᠭ᠎ᠠ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠶ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠨ᠎ᠠ︔ ᠪᠠᠷᠢᠯᠭ᠎ᠠ ᠳᠠᠭᠤᠰᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠠᠪᠬᠤ ᠶᠢ ᠬᠠᠷᠢᠭᠤᠴᠠᠬᠤ ᠬᠡᠷᠡᠭᠲᠡᠶ᠃ ᠨᠢᠭᠡᠨᠲᠡ ᠪᠠᠶᠢᠭᠤᠯᠤᠭᠰᠠᠨ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠠᠮᠤᠷ ᠲᠦᠪᠰᠢᠨ᠂ ᠬᠠᠮᠠᠭᠠᠯᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ᠂ ︽ᠳ᠋ᠦᠩᠨᠡᠨ ᠪᠠᠶᠢᠭᠤᠯᠬᠤ︾ ᠠᠭᠠᠷ ᠤᠨ ᠰᠡᠷᠭᠡᠶᠢᠯᠡᠯᠲᠡ ᠶᠢᠨ ᠨᠦᠬᠡᠨ ᠭᠡᠷ ᠤᠨ ᠠᠮᠤᠷ | ᠲᠦᠪᠰᠢᠨ᠂ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠣᠪᠴᠢᠶ᠎ᠠ ᠶᠢᠨ ᠵᠠᠰᠠᠭ ᠤᠨ ᠶᠠᠪᠤᠳᠠᠯ ᠢ | ᠢᠯᠡ ᠪᠣᠯᠭᠠᠬᠤ ᠪᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠢ ᠰᠡᠷᠭᠡᠶᠢᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ | ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ᠂ ᠪᠠᠷᠢᠯᠭ᠎ᠠ ᠪᠠᠷᠢᠬᠤ ᠶᠢ | ᠵᠥᠪᠰᠢᠶᠡᠷᠡᠬᠦ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠢᠴᠢ ᠳᠠᠩᠰᠠᠯᠠᠭᠤᠯᠬᠤ ᠪᠠ ᠪᠠᠷᠢᠯᠭ᠎ᠠ ᠶᠢᠨ ᠶᠠᠰᠤ | ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠨᠣᠷᠮ᠎ᠠ ᠨᠣᠷᠮ᠎ᠠ ᠳᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ | ᠪᠦᠬᠦ ᠰᠢᠶᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠨᠣᠷᠮ᠎ᠠ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠨ᠎ᠡ᠃ ᠪᠦᠲᠦᠭᠡᠨ ᠪᠠᠶᠢᠭᠤᠯᠬᠤ ᠪᠠᠷᠢᠮᠵᠢᠶ᠎ᠠ ᠪᠣᠯᠤᠨ ᠪᠠᠷᠢᠯᠭ᠎ᠠ ᠶᠢᠨ | ᠦᠨ᠎ᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢᠨ ᠬᠠᠮᠲᠤ | ᠦᠨ᠎ᠡ ᠬᠠᠩᠰᠢ ᠶᠢ ᠬᠢᠵᠠᠭᠠᠷᠯᠠᠬᠤ ᠵᠢᠴᠢ ᠳ᠋ᠦᠩᠨᠡᠨ ᠪᠣᠳᠣᠬᠤ ᠦᠨ᠎ᠡ ᠬᠠᠩᠰᠢ ᠶᠢᠨ ᠦᠨᠳᠦᠰᠦᠯᠡᠯ ᠪᠣᠯᠭᠠᠬᠤ ᠬᠡᠷᠡᠭᠲᠡᠶ | ᠃ ᠪᠠᠷᠢᠯᠭ᠎ᠠ ᠶᠢᠨ ᠦᠨ᠎ᠡ ᠶᠢᠨ ᠯᠠᠪᠯᠠᠯᠭ᠎ᠠ ᠥᠭᠬᠦ ᠨᠢᠭᠡᠴᠡ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | ︵ᠭᠤᠷᠪᠠ︶ ᠬᠤᠲᠠ ᠶᠢᠨ ᠪᠦᠲᠦᠭᠡᠨ ᠪᠠᠶᠢᠬᠤᠯᠤᠯᠲᠠ ᠶᠢᠨ ᠲᠠᠰᠤᠭ᠃ ᠬᠤᠲᠠ ᠪᠠᠯᠭᠠᠰᠤ ᠶᠢᠨ ᠤᠰᠤ | ᠬᠠᠩᠭᠠᠬᠤ ᠤᠰᠤ ᠵᠠᠯᠠᠬᠤ᠂ ᠬᠤᠲᠠ ᠶᠢᠨ ᠵᠠᠮ ᠬᠥᠭᠦᠷᠭᠡ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ | ᠭᠤᠤᠷᠰᠤ ᠶᠢᠨ ᠬᠤᠩᠭᠢᠯ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠲᠡᠮᠦᠷ ᠵᠢᠮᠲᠦ | ᠵᠠᠮ ᠬᠠᠷᠢᠯᠴᠠᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠢᠯᠣᠭᠤᠳᠤᠨ᠎ᠠ᠃ ᠬᠤᠲᠠ ᠶᠢᠨ | ᠰᠡᠯᠪᠢᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠲᠡᠦᠬᠡ ᠰᠣᠶᠣᠯ ᠤᠨ | ᠨᠡᠷᠡᠲᠦ ᠬᠤᠲᠠ ᠶᠢ ᠮᠡᠳᠡᠭᠦᠯᠬᠦ ᠪᠠ ᠬᠤᠲᠠ ᠪᠠᠯᠭᠠᠰᠤᠨ ᠤ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ᠂ | ᠬᠤᠲᠠ ᠪᠠᠯᠭᠠᠰᠤᠨ ᠤ ᠱᠤᠭᠤᠮᠠᠯ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠲᠠ ᠪᠠᠯᠭᠠᠰᠤᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ | ᠃ ᠪᠥᠬᠦ ᠰᠢᠶᠠᠨ ᠤ ᠬᠤᠲᠠ ᠪᠠᠯᠭᠠᠰᠤᠨ ᠤ ᠬᠠᠮ ᠨᠦᠬᠡᠨ ᠬᠤᠩᠭᠢᠯ᠂ ᠵᠠᠮ ᠬᠥᠭᠦᠷᠭᠡ ᠶᠢᠨ ᠬᠠᠮᠢᠶᠠᠷᠤᠯᠲᠠ ᠶᠢᠨ | ᠠᠵᠢᠯ ᠵᠢᠴᠢ ᠪᠥᠬᠦ ᠰᠢᠶᠠᠨ ᠤ ᠬᠤᠲᠠ ᠪᠠᠯᠭᠠᠰᠤᠨ ᠤ ᠰᠢᠲᠠᠮᠠᠬᠠᠶ ᠬᠡᠶ᠂ ᠢᠯᠴᠢ ᠬᠠᠩᠭᠠᠬᠤ᠂ ᠬᠤᠲᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠡᠵᠡᠩᠨᠡᠯᠲᠡ ᠶᠢᠨ ᠠᠮᠤᠷ ᠲᠦᠪᠰᠢᠨ ᠳᠤ ᠬᠢᠨᠠᠯᠲᠠ | ᠲᠠᠯᠪᠢᠬᠤ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠪᠣᠬᠢᠷᠲᠤᠯ ᠦᠭᠡᠶ ᠪᠠᠷᠢᠯᠭ᠎ᠠ᠂ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠥᠷᠥ ᠶᠢᠨ ᠪᠣᠳᠣᠯᠭ᠎ᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ | ᠲᠤᠤᠱᠯᠠᠭᠤᠯᠤᠨ ᠬᠡᠷᠡᠭᠵᠢᠭᠦᠯᠵᠦ᠂ ᠣᠨ ᠤ ᠲᠥᠯᠥᠪᠯᠡᠭᠡ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠢ ᠵᠢᠯᠣᠭᠤᠳᠤᠨ᠎ᠠ᠃ | ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ | ᠪᠣᠬᠢᠷᠲᠤᠯ ᠥᠬᠡᠶ ᠪᠠᠷᠢᠯᠭ᠎ᠠ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠬᠦᠷᠢᠶᠡᠨ ᠳᠠᠬᠢ | ᠳᠠᠬᠢᠨ ᠡᠭᠦᠰᠴᠦ ᠪᠣᠯᠬᠤ ᠡᠨᠧᠷᠭᠢ ᠶᠢ ᠳᠡᠯᠭᠡᠷᠡᠭᠦᠯᠦᠨ ᠬᠡᠷᠡᠭᠯᠡᠬᠦ᠂ ᠬᠥᠭᠵᠢᠭᠦᠯᠬᠦ ᠶᠢ ᠵᠢᠯᠣᠭᠤᠳᠤᠨ᠎ᠠ᠃ ᠠᠵᠢᠯ | ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ ᠢ ᠬᠤᠪᠢᠷᠠᠭᠤᠯᠬᠤ ᠪᠠ | ᠰᠢᠨ᠎ᠡ ᠮᠡᠷᠭᠡᠵᠢᠯ᠂ ᠰᠢᠨ᠎ᠡ ᠤᠶᠢᠯᠡᠳᠭᠦᠨ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭ᠎ᠠ᠂ ᠣᠷᠣᠭᠤᠯᠵᠤ ᠢᠷᠡᠬᠦ ᠪᠠ ᠰᠢᠨ᠎ᠡ ᠶᠢ ᠡᠭᠦᠳᠬᠦ ᠠᠵᠢᠯ ᠢ ᠵᠣᠬᠢᠶᠠᠨ ᠪᠠᠶᠢᠭᠤᠯᠤᠨ᠎ᠠ᠃ | ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠲᠡᠮᠳᠡᠭ ᠢ ᠦᠨᠡᠯᠡᠬᠦ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ᠂ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠤᠨ ᠭᠤᠶᠤᠴᠢᠯᠠᠨ ᠮᠡᠳᠡᠭᠦᠯᠬᠦ ᠠᠵᠢᠯ ᠪᠠ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠬᠤ ᠶᠢ | ᠬᠠᠷᠢᠭᠤᠴᠠᠨ᠎ᠠ᠃ ᠰᠢᠨ᠎ᠡ ᠮᠠᠲ᠋ᠧᠷᠢᠶᠠᠯ᠂ ᠰᠢᠨ᠎ᠡ ᠤᠶᠢᠯᠡᠳᠭᠦᠨ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ | ᠬᠠᠷᠢᠭᠤᠴᠠᠨ᠎ᠠ᠃ | ︵ᠳᠥᠷᠪᠡ︶ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠭ ᠲᠠᠷᠢᠶᠠᠯᠠᠬᠤ ᠮᠠᠯᠵᠢᠬᠤ | ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠤᠨ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠬᠦ ᠠᠵᠢᠯ ᠢ ᠵᠢᠯᠣᠭᠤᠳᠤᠨ᠎ᠠ᠃ ᠲᠡᠦᠬᠡ ᠰᠣᠶᠣᠯ ᠤᠨ ᠨᠡᠷᠡᠲᠦ ᠪᠠᠯᠭᠠᠰᠤ ︵ᠲᠣᠰᠬᠤᠨ︶ ᠪᠣᠯᠤᠨ | ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠦ ᠪᠠᠯᠭᠠᠰᠤ ︵ᠲᠣᠰᠬᠤᠨ︶︶ ᠬᠠᠮᠠᠬᠠᠯᠠᠬᠤ ᠪᠠ ᠬᠢᠨ᠋ᠠᠨ | ᠬᠠᠮᠢᠶᠠᠷᠬᠤ ᠠᠵᠢᠯ᠃ ᠡᠯ᠎ᠡ ᠭᠠᠵᠠᠷ ᠤᠨ ᠭᠤᠣᠯᠳᠠᠯᠭ᠎ᠠ ᠲᠠᠢ ᠪᠠᠯᠭᠠᠰᠤ᠂ ᠣᠨᠴᠠᠯᠢᠭᠲᠤ ᠪᠠᠭ᠎ᠠ ᠬᠤᠲᠠ ᠪᠠᠯᠭᠠᠰᠤ ᠶᠢ | ᠪᠦᠲᠦᠭᠡᠨ ᠪᠠᠶᠢᠭᠤᠯᠬᠤ ᠪᠠ ᠤᠯᠠᠮᠵᠢᠯᠠᠯᠲᠤ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠬᠤ ᠪᠠ ᠬᠥᠭᠵᠢᠭᠦᠯᠬᠦ | ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠪᠠ | ᠨᠡᠶᠢᠲᠡ ᠶᠢᠨ ᠵᠣᠷᠯᠣᠩ ᠢ ᠪᠠᠶᠢᠭᠤᠯᠬᠤ ᠠᠵᠢᠯ ᠢ ᠵᠢᠯᠣᠭᠤᠳᠤᠨ᠎ᠠ᠃ | ᠬᠠᠷᠢᠭᠤᠴᠠᠯᠭᠠᠲᠠᠨ᠄ ᠯᠢᠦ ᠬᠠᠶ ᠢᠦᠶ | ᠪᠠᠶᠢᠭᠤᠯᠭ᠎ᠠ ᠶᠢᠨ ᠬᠠᠶ᠋ᠢᠭ᠄ ᠢᠦᠶ ᠶᠢᠩ ᠵᠡᠭᠡᠯᠢ ᠪᠣᠯᠤᠨ ᠰᠢᠩ ᠲᠦᠩ ᠵᠠᠮ ᠤᠨ ᠠᠭᠤᠯᠵᠠᠷ ᠭᠠᠵᠠᠷ | ᠪᠠᠶᠢᠭᠤᠯᠭ᠎ᠠ ᠶᠢᠨ ᠬᠠᠷᠢᠯᠴᠠᠬᠤ ᠤᠲᠠᠰᠤ᠄ 0474 - 7212870 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - | 18᠄ 00 | |