ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 
ᠨᠡᠶᠢᠲᠡᠯᠡᠭᠰᠡᠨ ᠴᠠᠭ᠄
2025/3/30
     ᠰᠢᠩ ᠾᠧ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠪᠠᠶᠢᠭᠤᠯᠵᠤ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠣᠳᠠᠲᠠᠶ ᠠᠵᠢᠯ ᠢ ᠡᠭᠦᠷᠭᠡᠯᠡᠵᠦ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠰᠢᠩ ᠾᠧ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠵᠣᠬᠢᠴᠠᠭᠤᠯᠤᠨ ᠰᠢᠮᠳᠠᠭᠤᠯᠤᠨ ᠭᠦᠢᠴᠡᠳᠬᠡᠨ᠎ᠡ᠃ ᠰᠢᠩ ᠾᠧ ᠰᠢᠶᠠᠨ ᠤ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠪᠠᠶᠢᠭᠤᠯᠵᠤ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠨ ᠰᠢᠢᠳᠪᠤᠷᠢᠯᠡᠨ᠎ᠡ᠃ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠰᠢᠩ ᠾᠧ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠰᠢᠩ ᠾᠧ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠵᠣᠬᠢᠴᠠᠭᠤᠯᠭ᠎ᠠ ᠶᠢ ᠬᠦᠯᠢᠶᠡᠨ᠎ᠡ᠃      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠪᠠ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠣᠨᠴᠠᠯᠢᠭᠲᠤ ᠠᠵᠤ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠪᠣᠯᠤᠨ ᠠᠵᠤ ᠦᠶ᠋ᠯᠡᠰᠴᠢᠯᠡᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ ᠪᠠ ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠬᠢᠬᠦ ᠪᠠ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠣᠭᠤᠳᠴᠤ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠣᠬᠢᠷᠲᠤᠯ ᠥᠬᠡᠶ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃      ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠪᠠ ᠦᠶ᠋ᠯᠡᠳᠪᠦᠷᠢᠯᠡᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠣᠶᠤᠨ ᠤ ᠪᠣᠯᠪᠠᠰᠤᠨ᠂ ᠰᠢᠯᠢᠳᠡᠭ ᠲᠠᠷᠢᠶᠠᠯᠠᠬᠤ ᠰᠣᠶᠣᠯ ᠪᠣᠯᠤᠨ ᠲᠠᠯ᠎ᠠ ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠯᠴᠢᠨ ᠲᠠᠷᠢᠶᠠᠴᠢᠨ ᠤ ᠳᠠᠭᠠᠭᠠᠴᠢᠯᠠᠭᠰᠠᠨ ᠭᠠᠵᠠᠷ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠮᠢᠶᠠᠷᠤᠯᠲᠠ ᠶᠢ ᠵᠢᠭᠠᠨ ᠵᠢᠯᠣᠭᠤᠳᠴᠤ ᠂ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠪᠠ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠮᠠᠯᠴᠢᠨ ᠲᠠᠷᠢᠶᠠᠴᠢᠨ ᠤ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ ᠃ ᠮᠠᠯᠴᠢᠨ ᠲᠠᠷᠢᠶᠠᠴᠢᠨ ᠤ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠮᠠᠯᠴᠢᠨ ᠲᠠᠷᠢᠶᠠᠴᠢᠨ ᠤ ᠪᠡᠯᠡ ᠮᠥᠩᠭᠦ ᠬᠥᠳᠡᠯᠮᠦᠷᠢ ᠬᠦᠴᠦ ᠴᠤᠭᠯᠠᠭᠤᠯᠬᠤ ᠠᠵᠢᠯ ᠢ ᠵᠢᠯᠣᠭᠤᠳᠤᠨ᠎ᠠ᠃      ︵ᠲᠦᠷᠪᠡ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠪᠥᠬᠦ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ᠂ ᠨᠡᠶᠢᠲᠡ ᠳᠤ ᠬᠤᠣᠷᠳᠠᠭᠤᠯᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠪᠣᠬᠢᠷᠲᠤᠯ ᠥᠬᠡᠶ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃              ︵ᠲᠠᠪᠤ︶ ᠱᠢᠶᠠᠩ ᠤ ᠬᠡᠪᠴᠢᠶᠡᠨ ᠳᠠᠬᠢ ᠬᠤᠯᠪᠣᠭᠳᠠᠯ ᠪᠦᠬᠦᠢ ᠲᠠᠷᠢᠶᠠᠯᠠᠩ ᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠪᠣᠳᠠᠰ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠮᠠᠯ᠂ ᠲᠡᠵᠢᠭᠡᠯ ᠡᠪᠡᠰᠦᠨ ᠤ ᠦᠷ᠎ᠡ ︵ᠴᠢᠬᠢ ᠪᠣᠢ︶ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠢ︶ ᠪᠣᠷᠳᠣᠭᠤᠷ᠂ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ᠂ ᠪᠣᠷᠳᠣᠭᠠᠨ ᠤ ᠨᠡᠮᠡᠯᠲᠡ ᠡᠳ᠋ ᠤᠨ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠵᠢᠴᠢ ᠬᠢᠨᠠᠯᠲᠠ ᠬᠠᠮᠢᠶᠠᠷᠤᠯᠲᠠ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠵᠢᠷᠭᠤᠭ᠎ᠠ︶ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ ᠵᠡᠷᠭᠡ ᠡᠯ᠎ᠡ ᠠᠵᠤ ᠦᠢᠯᠡᠰ ᠤᠨ ᠵᠢᠭᠠᠨ ᠵᠢᠯᠣᠭᠤᠳᠴᠤ ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ ᠵᠦᠢᠯ᠂ ᠰᠦ ᠶᠢᠨ ᠦᠢᠯᠡᠰ᠂ ᠲᠡᠵᠢᠭᠡᠯ ᠡᠪᠡᠰᠦ ᠪᠣᠷᠳᠤᠭ᠎ᠠ ᠪᠣᠯᠤᠨ ᠤᠰᠤᠨ ᠭᠠᠷᠤᠯᠲᠠ ᠵᠡᠷᠭᠡ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠲᠠᠷᠢᠮᠠᠯ᠂ ᠲᠡᠵᠢᠭᠡᠯ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ ᠪᠠ ᠤᠰᠤᠨ ᠤ ᠠᠮᠢᠳᠤ ᠪᠣᠳᠠᠰ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠪᠦᠬᠦ ᠰᠢᠶᠠᠨ ᠤ ᠠᠮᠢᠲᠠᠨ ᠤᠷᠭᠤᠮᠠᠯ ᠤᠨ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠡᠨᠡᠳᠲᠡ ᠶᠢᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠥᠨᠥᠭᠡᠯᠲᠡᠶ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠣᠯᠤᠨ ᠨᠢᠲᠤᠯᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠨᠡᠶᠢᠲᠡᠯᠡᠵᠦ᠂ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠮᠠᠯ ᠤᠨ ᠡᠮ᠂ ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠰᠢᠯᠵᠢᠭᠦᠯᠦᠨ ᠥᠭᠬᠦ ᠠᠵᠢᠯ ᠢ ᠵᠣᠬᠢᠶᠠᠨ ᠪᠠᠶᠢᠭᠤᠯᠵᠤ᠂ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠳᠤᠷᠠᠳᠴᠤ᠂ ᠭᠠᠮᠰᠢᠭ ᠠᠴᠠ ᠪᠠᠴᠢᠮ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠰᠡᠷᠭᠦᠭᠡᠯᠲᠡ ᠶᠢ ᠵᠢᠯᠣᠭᠤᠳᠤᠨ᠎ᠠ᠃      ︵ᠳᠤᠯᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠨ ᠭᠠᠵᠠᠷ ᠬᠢᠭᠡᠳ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠯᠲᠠ ᠪᠠ ᠠᠷᠢᠭᠤᠨ ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠡᠯᠡᠳᠭᠡᠮᠵᠢᠲᠦ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠯ ᠪᠠ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ ᠵᠢᠴᠢ ᠮᠠᠯᠵᠢᠬᠤ ᠲᠠᠷᠢᠶᠠᠯᠠᠬᠤ ᠣᠷᠣᠨ ᠤ ᠳᠠᠬᠢᠯᠲᠠ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ ᠃ ᠳᠡᠭᠡᠳᠦ ᠱᠠᠲᠤᠨ ᠤ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠲᠥᠷᠥᠯ ᠵᠦᠢᠯ ᠤᠨ ᠲᠥᠰᠦᠪ ᠢ ᠨᠠᠶᠢᠷᠠᠭᠤᠯᠤᠨ ᠮᠡᠳᠡᠭᠦᠯᠦᠨ᠎ᠡ᠃      ︵ᠨᠠᠢᠮᠠ︶ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        ︵ᠶᠢᠰᠦ︶ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠤᠯᠠᠮᠵᠢᠯᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠤᠯᠠᠮᠵᠢᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃             ᠳᠣᠲᠣᠭᠠᠳᠤ ᠶᠢᠨ ᠪᠠᠶᠢᠭᠤᠯᠤᠮᠵᠢ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠴᠠᠬᠢᠯᠭᠠᠨ ᠮᠡᠳᠡᠭᠡ᠂ ᠮᠡᠳᠡᠭᠡ ᠵᠠᠩᠭᠢ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠢ ᠶᠡᠷᠦᠩᠬᠡᠶᠢᠯᠡᠨ ᠵᠣᠬᠢᠴᠠᠭᠤᠯᠬᠤ ᠠᠵᠢᠯ ᠵᠢᠴᠢ ᠺᠠᠳ᠋ᠷ ᠤᠨ ᠬᠠᠮᠢᠶᠠᠷᠤᠯᠲᠠ᠂ ᠬᠢᠨᠠᠨ ᠰᠢᠯᠭᠠᠵᠤ ᠲᠣᠮᠢᠯᠠᠬᠤ ᠪᠠ ᠪᠠᠭᠤᠯᠭᠠᠬᠤ᠂ ᠪᠠᠶᠢᠭᠤᠯᠤᠮᠵᠢ ᠶᠢᠨ ᠣᠷᠣᠨ ᠲᠤᠭ᠎ᠠ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠲᠤᠰ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠣᠨ ᠤ ᠰᠠᠯᠠᠭ᠎ᠠ ᠮᠥᠴᠢᠷ ᠤᠨ ᠲᠥᠰᠦᠪ᠂ ᠬᠢᠨᠠᠨ ᠬᠠᠷᠭᠤᠭᠤᠯᠬᠤ ᠶᠢ ᠡᠭᠦᠷᠭᠡᠯᠡᠵᠦ᠂ ᠲᠤᠰ ᠰᠢᠰᠲ᠋ᠧᠮ ᠤᠨ ᠣᠨ ᠤ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠮᠡᠳᠡᠭᠦᠯᠬᠦ ᠶᠢ ᠬᠠᠷᠢᠭᠤᠴᠠᠨ᠎ᠠ  ᠃      ︵ᠬᠤᠶᠠᠷ︶ ᠬᠠᠤᠯᠢ ᠲᠣᠭᠲᠠᠭᠠᠯ ᠤᠨ ᠰᠲ᠋ᠣᠺ᠃ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠬᠠᠷᠢᠭᠤᠴᠠᠨ ᠲᠤᠭᠤᠷᠪᠢᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠡᠭᠦᠷᠭᠡᠯᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠢᠯᠣᠭᠤᠳᠴᠤ᠂ ᠰᠢᠰᠲ᠋ᠧᠮ ᠤᠨ ᠳᠣᠲᠣᠷᠠᠬᠢ ᠬᠠᠤᠯᠢ ᠲᠦᠭᠡᠮᠡᠯᠵᠢᠭᠦᠯᠬᠦ ᠪᠣᠯᠪᠠᠰᠤᠷᠠᠭᠤᠯᠤᠯ ᠢ ᠥᠷᠨᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠢᠬᠦ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠪᠢᠴᠢᠨ᠎ᠡ᠃      ︵ᠭᠤᠷᠪᠠ︶ ᠬᠥᠳᠡᠭᠡ ᠲᠣᠰᠭᠤᠨ ᠤ ᠨᠡᠢᠭᠡᠮ ᠤᠨ ᠦᠢᠯᠡᠰ ᠢ ᠠᠬᠢᠭᠤᠯᠬᠤ ᠲᠠᠰᠤᠭ ︵ᠬᠥᠳᠡᠭᠡ ᠲᠣᠰᠭᠤᠨ ᠤ ᠬᠥᠭᠵᠢᠯᠲᠡ ᠶᠢ ᠠᠬᠢᠭᠤᠯᠬᠤ ᠲᠠᠰᠤᠭ︶᠃  ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠰᠢᠨ᠎ᠡ ᠬᠥᠳᠡᠭᠡ ᠲᠣᠰᠬᠤᠨ ᠤ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠶᠢᠯ ᠲᠣᠰᠬᠤᠨ ᠢ ᠴᠡᠭᠴᠡᠯᠡᠨ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠵᠢᠯᠣᠭᠤᠳᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢᠨ ᠴᠢᠨᠠᠷᠲᠠᠶ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠬᠠᠮᠢᠶ᠎ᠠ ᠪᠥᠬᠦᠶ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠥᠳᠡᠭᠡ ᠲᠣᠰᠬᠤᠨ ᠤ ᠣᠶᠤᠨ ᠤ ᠪᠣᠯᠪᠠᠰᠤᠨ ᠪᠠ ᠰᠢᠯᠢᠳᠡᠭ ᠲᠠᠷᠢᠶᠠᠯᠠᠬᠤ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠬᠤᠷᠰᠢᠭᠰᠠᠨ ᠠᠵᠤ ᠠᠬᠤᠶ ᠶᠢᠨ ᠵᠢᠯᠣᠭᠤᠳᠬᠤ ᠠᠵᠢᠯ ᠢ ᠥᠷᠨᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠲᠠᠷᠢᠶᠠᠴᠢᠨ ᠮᠠᠯᠴᠢᠳ ᠤᠨ ᠠᠵᠤ ᠠᠬᠤᠶ ᠶᠢᠨ ᠬᠤᠷᠰᠢᠭᠰᠠᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠢ ᠵᠢᠯᠣᠭᠤᠳᠴᠤ ᠪᠠᠶᠢᠭᠠᠳ ᠣᠷᠣᠨ ᠰᠠᠭᠤᠴᠠ ᠶᠢᠨ ᠰᠠᠭᠤᠷᠢ ᠭᠠᠵᠠᠷ ᠢ ᠬᠤᠪᠢᠶᠠᠷᠢᠯᠠᠬᠤ᠂ ᠬᠡᠷᠡᠭᠯᠡᠬᠦ᠂ ᠡᠷᠭᠢᠯᠳᠦᠭᠦᠯᠬᠦ᠂ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠬᠠᠮᠢᠶᠠᠷᠤᠯᠲᠠ ᠪᠠ ᠣᠷᠣᠨ ᠰᠠᠭᠤᠴᠠ ᠶᠢᠨ ᠰᠠᠭᠤᠷᠢ ᠭᠠᠵᠠᠷ ᠤᠨ ᠪᠠᠶᠢᠷᠢᠰᠢᠭᠤᠯᠤᠯᠲᠠ᠂ ᠭᠠᠵᠠᠷ ᠬᠡᠷᠡᠭᠯᠡᠬᠦ ᠪᠠᠷᠢᠮᠵᠢᠶ᠎ᠠ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠪᠠᠶᠢᠴᠠᠭᠠᠨ ᠰᠢᠢᠳᠪᠤᠷᠢᠯᠡᠬᠦ ᠵᠡᠷᠭᠡ ᠠᠵᠢᠯ ᠢ ᠰᠠᠶᠢᠲᠤᠷ ᠬᠢᠨ᠎ᠡ᠃      ︵ᠲᠦᠷᠪᠡ︶ ᠬᠥᠳᠡᠭᠡ ᠲᠤᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠠᠰᠤᠭ᠃ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ᠂ ᠣᠨᠴᠠᠯᠢᠭᠲᠤ ᠠᠵᠤ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠬᠥᠭᠵᠢᠯᠲᠡ ᠶᠢᠨ ᠰᠠᠨᠠᠭᠤᠯᠭ᠎ᠠ ᠳᠤᠷᠠᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ᠃          ︵ᠲᠠᠪᠤ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢ ᠬᠢᠨᠠᠨ ᠬᠠᠮᠢᠶᠠᠷᠬᠤ ᠲᠠᠰᠤᠭ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠰᠢᠰᠲ᠋ᠧᠮᠵᠢ ᠪᠣᠯᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ᠂ ᠬᠢᠨᠠᠨ ᠬᠡᠮᠵᠢᠬᠦ᠂ ᠮᠥᠷᠳᠡᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠰᠢᠶᠠᠨ ᠤ ᠬᠡᠪᠴᠢᠶᠡᠨ ᠳᠣᠲᠣᠷᠠᠬᠢ ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠵᠢᠷᠭᠤᠭ᠎ᠠ︶ ᠲᠠᠷᠢᠶᠠᠯᠠᠩ ᠤᠨ ᠰᠲ᠋ᠣᠺ᠃ ᠪᠦᠬᠦ ᠰᠢᠶᠠᠨ ᠤ ᠲᠠᠷᠢᠮᠠᠯ ᠤᠨ ᠦᠢᠯᠡᠰ ᠵᠢᠴᠢ ᠲᠠᠷᠢᠮᠠᠯ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠮᠠᠯ ᠤᠨ ᠦᠢᠯᠡᠰ ᠤᠨ ᠪᠦᠲᠦᠴᠡ ᠪᠣᠯᠤᠨ ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ ᠶᠢᠨ ᠠᠵᠢᠯ ᠵᠢᠴᠢ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠠᠵᠢᠯ ᠢ ᠵᠢᠯᠣᠭᠤᠳᠴᠤ᠂ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ᠂ ᠲᠠᠷᠢᠶᠠᠯᠠᠩ ᠤᠨ ᠭᠠᠮᠰᠢᠭ ᠤᠨ ᠲᠤᠭ᠎ᠠ ᠪᠦᠷᠢᠳᠬᠡᠯ ᠵᠡᠷᠭᠡ ᠠᠵᠢᠯ ᠢ ᠲᠣᠬᠢᠷᠠᠭᠤᠯᠬᠤ ᠬᠡᠷᠡᠭᠲᠡᠶ᠃ ᠬᠢᠮᠢ ᠶᠢᠨ ᠪᠤᠷᠳᠤᠭᠤᠷ ᠪᠠ ᠲᠠᠷᠢᠶᠠᠨ ᠡᠮ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠬᠡᠷᠡᠭᠯᠡᠬᠦ ᠶᠢ ᠵᠢᠯᠣᠭᠤᠳᠤᠨ᠎ᠠ᠃ ᠤᠷᠭᠤᠮᠠᠯ ᠤᠨ ᠬᠢᠵᠢᠭ ᠪᠠᠶᠢᠴᠠᠭᠠᠬᠤ᠂ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠡᠭᠦᠷᠭᠡᠯᠡᠨ᠎ᠡ᠃ ᠲᠠᠷᠢᠮᠠᠯ ᠤᠨ ᠡᠬᠢ ᠪᠠᠶᠠᠯᠢᠭ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ᠂ ᠬᠠᠮᠢᠶᠠᠷᠬᠤ ᠪᠠ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠦᠷ᠎ᠡ ᠨᠥᠭᠡᠴᠡᠯᠡᠬᠦ ᠪᠠ ᠰᠢᠯᠵᠢᠭᠦᠯᠦᠨ ᠥᠭᠬᠦ ᠠᠵᠢᠯ ᠢ ᠵᠣᠬᠢᠶᠠᠨ ᠪᠠᠶᠢᠭᠤᠯᠵᠤ      ︵ᠳᠤᠯᠤᠭ᠎ᠠ︶ ᠮᠠᠯ ᠠᠵᠤ ᠠᠬᠤᠶ ᠮᠠᠯ ᠡᠮᠨ᠋ᠡᠯᠭᠡ ᠶᠢᠨ ᠲᠠᠰᠤᠭ᠃ ᠮᠠᠯ ᠠᠵᠤ ᠠᠬᠤᠶ᠂ ᠮᠠᠯ ᠡᠮᠨᠡᠯᠭᠡ ᠶᠢᠨ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠳᠤᠷᠠᠳᠴᠤ᠂ ᠢᠵᠢ ᠪᠥᠷᠢᠳᠦᠭᠦᠯᠬᠦ ᠵᠢᠷᠤᠮᠵᠢᠯ ᠢ ᠲᠣᠭᠲᠠᠭᠠᠨ᠎ᠠ᠃ ᠮᠠᠯ ᠠᠵᠤ ᠠᠬᠤᠶ ᠶᠢᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ᠂ ᠮᠠᠯ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠡᠩᠨᠡᠭᠡᠨ ᠤ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠤᠰᠤᠨ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠤᠰᠤᠨ ᠭᠠᠷᠤᠯᠲᠠ ᠶᠢ ᠪᠣᠯᠪᠠᠰᠤᠷᠠᠭᠤᠯᠤᠨ ᠭᠦᠢᠯᠭᠡᠭᠡᠬᠦ ᠶᠢ ᠵᠢᠯᠣᠭᠤᠳᠴᠤ᠂ ᠲᠦᠭᠦᠬᠡᠶ ᠰᠢᠨ᠎ᠡ ᠰᠦ ᠦᠢᠯᠡᠳᠪᠦᠷᠢᠯᠡᠵᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠮᠠᠯ ᠠᠵᠤ ᠠᠬᠤᠶ᠂ ᠰᠦ ᠰᠠᠭᠠᠯᠢ ᠶᠢᠨ ᠦᠢᠯᠡᠰ ᠤᠨ ᠲᠤᠭ᠎ᠠ ᠪᠦᠷᠢᠳᠬᠡᠯ᠂ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ᠂ ᠬᠢᠵᠢᠭ ᠪᠠᠶᠢᠴᠠᠭᠠᠬᠤ᠂ ᠠᠮᠢᠲᠠᠨ ᠤ ᠡᠷᠡᠭᠦᠯ ᠬᠠᠮᠠᠭᠠᠯᠠᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠭᠡᠨᠡᠳᠲᠡ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ᠂ ᠠᠮᠢᠲᠠᠨ ᠤ ᠰᠢᠨ᠎ᠡ ᠡᠭᠦᠯᠳᠡᠷ ᠢ ᠬᠠᠮᠠᠭᠠᠯᠠᠬᠤ᠂ ᠬᠠᠮᠢᠶᠠᠷᠬᠤ ᠪᠠ ᠨᠡᠭᠡᠭᠡᠨ ᠠᠰᠢᠭᠯᠠᠬᠤ᠂ ᠵᠢᠭᠠᠰᠤᠨ ᠠᠵᠤ ᠠᠬᠤᠶ ᠶᠢᠨ ᠤᠰᠤᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠠᠮᠢᠲᠠᠨ ᠤᠷᠭᠤᠮᠠᠯ ᠤᠨ ᠡᠪᠡᠳᠴᠢᠨ ᠤ ᠬᠥᠨᠥᠭᠡᠯ ᠢ ᠰᠡᠷᠭᠡᠶᠢᠯᠡᠨ ᠡᠵᠡᠮᠳᠡᠬᠦ ᠠᠵᠢᠯ ᠢ ᠵᠣᠬᠢᠶᠠᠨ ᠪᠠᠶᠢᠭᠤᠯᠵᠤ᠂ ᠤᠰᠤᠨ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠤᠰᠤᠨ ᠭᠠᠷᠤᠯᠲᠠ ᠶᠢ ᠪᠣᠯᠪᠠᠰᠤᠷᠠᠭᠤᠯᠵᠤ ᠭᠦᠢᠯᠭᠡᠭᠡᠨ ᠳᠤ ᠣᠷᠣᠭᠤᠯᠬᠤ ᠶᠢ ᠵᠣᠬᠢᠶᠠᠨ ᠪᠠᠶᠢᠭᠤᠯᠤᠨ᠎ᠠ᠃ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠨᠢᠲᠤᠯᠬᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠵᠢᠯᠣᠭᠤᠳᠤᠨ᠎ᠠ᠃ ᠲᠡᠵᠢᠭᠡᠯ ᠪᠣᠷᠳᠤᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠳᠡᠯᠭᠡᠷᠡᠭᠦᠯᠬᠦ ᠲᠥᠷᠥᠯ ᠵᠦᠢᠯ ᠤᠨ ᠰᠢᠯᠢᠨ ᠰᠣᠩᠭᠤᠯᠲᠠ ᠵᠢᠴᠢ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ᠎ᠠ᠃ ᠲᠡᠵᠢᠭᠡᠯ ᠡᠪᠡᠰᠦᠨ ᠤ ᠠᠵᠢᠯ ᠲᠥᠷᠥᠯ ᠤᠨ ᠠᠵᠤ ᠠᠬᠤᠶ᠂ ᠮᠡᠷᠭᠡᠵᠢᠯ ᠤᠨ ᠮᠡᠳᠡᠭᠡ ᠵᠠᠩᠭᠢ ᠶᠢᠨ ᠠᠵᠢᠯ ᠢ ᠬᠠᠮᠢᠶᠠᠷᠤᠨ᠎ᠠ᠃ ᠲᠡᠵᠢᠭᠡᠯ ᠡᠪᠡᠰᠦᠨ ᠤ ᠰᠠᠶᠢᠨ ᠦᠷ᠎ᠡ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠪᠠᠷᠢᠮᠵᠢᠶᠠᠵᠢᠭᠤᠯᠤᠭᠰᠠᠨ ᠬᠡᠪᠴᠢᠶᠡᠵᠢᠭᠰᠡᠨ ᠦᠢᠯᠡᠳᠪᠦᠷᠢᠯᠡᠯ ᠂ ᠡᠳ᠋ᠰᠢᠭᠦᠯᠵᠦ ᠭᠦᠢᠯᠭᠡᠭᠡᠬᠦ ᠪᠠ ᠨᠥᠭᠡᠴᠡᠯᠡᠬᠦ ᠶᠢ ᠵᠢᠯᠣᠭᠤᠳᠤᠨ᠎ᠠ᠃ ᠠᠯᠪᠠᠨ ᠤ ᠮᠠᠯ ᠤᠨ ᠡᠮᠴᠢ᠂ ᠠᠵᠢᠯ ᠡᠷᠬᠢᠯᠡᠬᠦ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠤᠨ ᠡᠮᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠨᠠᠢᠮᠠ︶ ᠲᠠᠷᠢᠶᠠᠨ ᠭᠠᠵᠠᠷ ᠤᠨ ᠪᠦᠲᠦᠭᠡᠨ ᠪᠠᠶᠢᠬᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠵᠦ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠥᠷᠨᠢᠭᠦᠯᠬᠦ ᠳᠤ ᠣᠷᠣᠯᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠬᠡᠷᠡᠭᠵᠢᠭᠦᠯᠬᠦ ᠪᠠ ᠬᠠᠮᠢᠶᠠᠷᠬᠤ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠨ ᠪᠠᠶᠢᠴᠠᠭᠠᠨ᠎ᠠ᠃              ︵ᠶᠢᠰᠦ︶ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ ᠤᠨ ᠰᠲ᠋ᠣᠺ᠃ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠲᠥᠯᠥᠪᠵᠢᠭᠦᠯᠭᠡ ᠶᠢ ᠡᠭᠦᠷᠭᠡᠯᠡᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠤᠯᠠᠮᠵᠢᠯᠠᠬᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠤᠯᠠᠮᠵᠢᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠰᠢᠶᠠᠨ ᠳᠤ ᠬᠤᠪᠢᠷᠠᠭᠤᠯᠬᠤ ᠵᠢᠴᠢ ᠠᠵᠤ ᠦᠢᠯᠡᠰᠵᠢᠭᠦᠯᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠳᠠᠬᠢᠯᠲᠠ ᠡᠨᠧᠷᠭᠢ ᠶᠢ ᠨᠡᠭᠡᠭᠡᠨ ᠠᠰᠢᠭᠯᠠᠬᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠷᠢᠭᠤᠨ ᠴᠡᠪᠡᠷ ᠦᠢᠯᠡᠳᠪᠦᠷᠢᠯᠡᠯ ᠪᠠ ᠠᠮᠢ ᠠᠬᠤᠶ ᠶᠢᠨ ᠣᠷᠴᠢᠯ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃      ᠪᠠᠶᠢᠬᠤᠯᠭ᠎ᠠ ᠶᠢᠨ ᠨᠠᠮ ᠤᠨ ᠶᠡᠷᠦᠩᠬᠡᠶ ᠡᠭᠦᠷ᠃ ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠨ᠎ᠠ᠃      ᠬᠠᠷᠢᠭᠤᠴᠠᠯᠭᠠᠲᠠᠨ ᠤ ᠣᠪᠣᠭ ᠨᠡᠷ᠎ᠡ᠄ ᠵᠤᠤ ᠵᠢᠶᠦ᠋ᠨ      ᠪᠠᠶᠢᠭᠤᠯᠭ᠎ᠠ ᠶᠢᠨ ᠬᠠᠷᠢᠯᠴᠠᠬᠤ ᠤᠲᠠᠰᠤ᠄ 0474 - 7202367      ᠨᠢᠭᠡᠴᠡ ᠶᠢᠨ ᠬᠠᠶ᠋ᠢᠭ᠄ ᠰᠢᠩ ᠾᠧ ᠰᠢᠶᠠᠨ ᠤ ᠬᠠᠭᠤᠴᠢᠨ ᠬᠤᠲᠠ ᠶᠢᠨ ᠲᠣᠭᠤᠷᠢᠭ ᠤᠨ ᠪᠠᠷᠠᠭᠤᠨ ᠬᠤᠲᠠ ᠶᠢᠨ ᠭᠠᠳᠠᠨᠠᠬᠢ      ᠪᠠᠶᠢᠭᠤᠯᠭ᠎ᠠ ᠨᠢᠭᠡᠴᠢ ᠶᠢᠨ ᠰᠢᠦᠳᠠᠨ ᠬᠠᠶᠢᠷᠴᠠᠭ᠄ wmxhxnyj@163.com      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00      
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3