ᠰᠢᠩ ᠾᠧ ᠰᠢᠶᠠᠨ ᠤ ᠤᠰᠤᠨ ᠠᠰᠢᠭᠯᠠᠯᠲᠠ ᠶᠢᠨ  ᠲᠤᠪᠴᠢᠶ᠎ᠡ
ᠨᠡᠶᠢᠲᠡᠯᠡᠭᠰᠡᠨ ᠴᠠᠭ᠄
2025/3/30
     ᠰᠢᠩ ᠾᠧ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠣᠯ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠰᠢᠶᠠᠨ ᠤ ᠤᠰᠤᠨ ᠤ ᠵᠠᠰᠠᠭ ᠵᠠᠬᠢᠷᠭᠠᠨ ᠤ ᠠᠵᠢᠯ ᠲᠥᠷᠥᠯ ᠢ ᠬᠠᠮᠢᠶᠠᠷᠬᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠵᠢᠩᠬᠢᠨᠢ ᠰᠠᠯᠠᠭᠠᠨ ᠤ ᠲᠠᠰ᠂ ᠰᠢᠩ ᠾᠧ ᠰᠢᠶᠠᠨ ᠤ ᠰᠢᠩ ᠾᠧ ᠶᠡᠭᠡ ᠵᠠᠮ ᠤᠨ 5 ᠳ᠋ᠤᠭᠠᠷ ᠨᠣᠮᠧᠷ ᠲᠤ ᠪᠠᠶᠢᠳᠠᠭ᠃      ᠭᠤᠣᠯ ᠡᠭᠦᠷᠭᠡ ᠬᠠᠷᠢᠭᠤᠴᠠᠯᠭ᠎ᠠ᠄      ᠨᠢᠭᠡᠳᠦᠭᠡᠷ ᠵᠦᠢᠯ ᠤᠯᠠᠭᠠᠨᠴᠠᠪ ᠬᠤᠲᠠ ᠶᠢᠨ ᠵᠥᠪᠰᠢᠶᠡᠷᠡᠭᠰᠡᠨ ︽ᠰᠢᠩ ᠾᠧ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ︵ᠲᠢᠩᠬᠢᠮ ᠲᠠᠷᠬᠠᠭᠠᠭᠰᠠᠨ ﹇2019﹈ 11 ᠳ᠋ᠦᠭᠡᠷ ᠲᠣᠭᠠᠲᠤ︶ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠶ᠋ᠯ ᠰᠢᠩ ᠾᠧ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠣᠯ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠠᠰ᠂ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠴᠤᠪᠤᠷᠠᠯ ᠢ ᠵᠢᠭᠰᠠᠭᠠᠨ᠎ᠠ᠃      ᠭᠤᠷᠪᠠᠳᠤᠭᠠᠷ ᠵᠦᠶ᠋ᠯ ᠰᠢᠩ ᠾᠧ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠤᠰᠤᠨ ᠠᠰᠢᠭᠯᠠᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠭᠤᠤᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠵᠤ᠂ ᠪᠦᠬᠦ ᠰᠢᠶᠠᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃      ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠤᠰᠤ ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠰᠢᠶᠠᠨ ᠤ ᠤᠰᠤᠨ ᠤ ᠳᠤᠮᠳᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠰᠢᠶᠠᠨ ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠠᠪᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠢᠶᠠᠩ ᠪᠠᠯᠭᠠᠰᠤᠨ ᠤ ᠤᠰᠤ ᠬᠠᠩᠭᠠᠬᠤ ᠠᠵᠢᠯ ᠢ ᠵᠢᠯᠣᠭᠤᠳᠤᠨ᠎ᠠ᠃      ︵ᠭᠤᠷᠪᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠬᠤ ᠶᠢ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠯ ᠢ ᠳᠤᠷᠠᠳᠴᠤ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠥᠷᠥᠯ ᠵᠦᠢᠯ ᠢ ᠬᠢᠨᠠᠨ ᠵᠥᠪᠰᠢᠶᠡᠷᠡᠵᠦ ᠬᠠᠷᠭᠤᠭᠤᠯᠤᠨ᠎ᠠ᠃      ︵ᠲᠦᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠶᠢ ᠵᠢᠯᠣᠭᠤᠳᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠲᠠᠪᠤ︶ ᠤᠰᠤ ᠶᠢ ᠠᠷᠪᠢᠯᠠᠨ ᠭᠠᠮᠨᠠᠬᠤ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃      ︵ᠵᠢᠷᠭᠤᠭ᠎ᠠ︶ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠲᠡᠭᠦᠨ ᠤ ᠡᠷᠭᠢ ᠶᠢᠨ ᠱᠤᠭᠤᠮ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠪᠦᠬᠦ ᠰᠢᠶᠠᠨ ᠤ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠢ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠵᠢᠯᠣᠭᠤᠳᠤᠨ᠎ᠠ᠃ ᠪᠦᠬᠦ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠢ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃      ︵ᠳᠤᠯᠤᠭ᠎ᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠰᠢᠶᠠᠨᠢ ᠡᠵᠡᠮᠳᠡᠯ ᠤᠨ ᠴᠢᠨᠠᠷᠲᠠᠢ ᠪᠣᠯᠤᠨ ᠣᠷᠣᠨ ᠠᠯᠤᠰᠯᠠᠭᠰᠠᠨ ᠰᠠᠪᠠ ᠭᠠᠵᠠᠷ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠴᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠶᠠᠰᠤ ᠴᠢᠨᠠᠷ ᠤᠨ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠤᠰᠤ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃              ︵ᠨᠠᠢᠮᠠ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠬᠦ ᠬᠡᠷᠡᠭᠲᠡᠶ᠃ ᠰᠢᠩ ᠾᠧ ᠰᠢᠶᠠᠨ ᠤ ᠪᠠᠶᠢᠭᠤᠯᠤᠭᠰᠠᠨ ᠦᠶ᠋ᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠤᠤᠯᠳᠠᠯᠭ᠎ᠠ ᠲᠠᠢ ᠬᠥᠷᠥᠰᠥ ᠰᠢᠷᠣᠶ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠶᠢᠰᠦ︶ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠵᠤ ᠭᠠᠳᠠᠭᠰᠢᠯᠠᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠂ ᠵᠢᠵᠢᠭ ᠤᠰᠤᠨ ᠴᠠᠬᠢᠯᠭᠠᠨ ᠢ ᠥᠭᠡᠷᠡᠴᠢᠯᠡᠬᠦ ᠪᠠ ᠤᠰᠤᠨ ᠴᠠᠬᠢᠯᠭᠠᠨ ᠢᠶᠠᠷ ᠬᠥᠳᠡᠭᠡ ᠲᠣᠰᠬᠤᠨ ᠢ ᠴᠠᠬᠢᠯᠭᠠᠨᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃            ︵ᠠᠷᠪᠠ︶ ᠤᠰᠤᠨ ᠤ ᠶᠠᠪᠤᠳᠠᠯ ᠤᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠤᠰᠤᠨ ᠤ ᠶᠠᠪᠤᠳᠠᠯ ᠤᠨ ᠬᠡᠪ ᠤᠨ ᠡᠮᠬᠢ ᠵᠢᠷᠤᠮ ᠢ ᠬᠠᠮᠠᠭᠠᠯᠠᠨ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠤᠰᠤᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠪᠤᠶᠤ ᠵᠠᠰᠠᠭ ᠵᠠᠬᠢᠷᠭᠠᠨ ᠤ ᠪᠤᠰᠤᠳ ᠠᠷᠭ᠎ᠠ ᠬᠡᠮᠵᠢᠶ᠎ᠡ ᠠᠪᠤᠨ᠎ᠠ᠃      ︵ᠠᠷᠪᠠᠨ ᠨᠢᠭᠡ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠭᠠᠳᠠᠭᠠᠳᠤ ᠶᠠᠪᠤᠳᠠᠯ ᠤᠨ ᠠᠵᠢᠯ ᠢ ᠥᠷᠨᠢᠭᠦᠯᠦᠨ᠎ᠡ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠰᠤᠨ ᠠᠰᠢᠭᠯᠠᠯᠲᠠ ᠶᠢᠨ ᠪᠦᠷᠢᠳᠬᠡᠯ ᠤᠨ ᠠᠵᠢᠯ ᠢ ᠡᠭᠦᠷᠭᠡᠯᠡᠨ᠎ᠡ᠃ ᠣᠯᠠᠨ ᠤᠯᠤᠰ ᠤᠨ ᠭᠤᠣᠯ ᠮᠥᠷᠡᠨ ᠤ ᠬᠤᠯᠪᠣᠭᠳᠠᠯ ᠪᠦᠬᠦᠢ ᠭᠠᠳᠠᠭᠠᠳᠤ ᠲᠠᠢ ᠬᠤᠯᠪᠣᠭᠳᠠᠬᠤ ᠬᠡᠷᠡᠭ ᠢ ᠭᠦᠢᠴᠡᠳᠭᠡᠨ᠎ᠡ᠃      ︵ᠠᠷᠪᠠᠨ ᠬᠤᠶᠠᠷ︶ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠬᠦ ᠡᠯ᠎ᠡ ᠵᠦᠢᠯ ᠤᠨ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ᠂ ᠢᠳᠡᠭᠡᠨ ᠤ ᠠᠮᠤᠷ ᠲᠦᠪᠰᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠳᠥᠷᠪᠡᠳᠦᠭᠡᠷ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠶᠢ ᠦᠨᠡᠨᠬᠦᠦ ᠴᠢᠩᠭᠠᠳᠬᠠᠵᠤ᠃ ᠰᠢᠯᠢᠳᠡᠭᠵᠢᠭᠦᠯᠦᠨ ᠲᠤᠬᠢᠷᠠᠬᠤᠯᠬᠤ ᠪᠠ ᠠᠷᠪᠢᠯᠠᠨ ᠬᠠᠮᠠᠬᠠᠯᠠᠬᠤ᠃ ᠤᠰᠤ ᠶᠢ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠬᠠᠩᠭᠠᠯᠭ᠎ᠠ ᠶᠢ ᠨᠡᠮᠡᠭᠳᠡᠭᠦᠯᠬᠦ ᠠᠴᠠ ᠬᠡᠷᠡᠭᠴᠡᠭᠡ ᠶᠢᠨ ᠬᠠᠮᠢᠶᠠᠷᠤᠯᠲᠠ ᠶᠢ ᠨᠡᠩ ᠴᠢᠬᠤᠯᠠᠴᠢᠯᠠᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠡᠰᠢ ᠰᠢᠯᠵᠢᠪᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠪᠥᠭᠡᠳ ᠦᠵᠡᠰᠬᠦᠯᠡᠩᠲᠦ ᠰᠠᠶᠢᠬᠠᠨ ᠪᠠᠶᠢᠬᠤ ᠶᠢ ᠬᠠᠮᠠᠭᠠᠯᠠᠨ᠎ᠠ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠤᠰᠤ ᠬᠡᠷᠡᠭᠯᠡᠬᠦ ᠵᠦᠢ ᠵᠣᠬᠢᠰᠲᠠᠶ ᠬᠡᠷᠡᠭᠴᠡᠭᠡ ᠪᠣᠯᠤᠨ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤᠨ ᠤ ᠠᠶᠤᠯ ᠦᠭᠡᠶ ᠶᠢᠨ ᠪᠠᠲᠤᠯᠠᠭ᠎ᠠ ᠬᠠᠩᠭᠠᠬᠤ ᠬᠡᠷᠡᠭᠲᠡᠶ᠃      ︵ᠠᠷᠪᠠᠨ ᠲᠠᠪᠤ︶ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ᠂ ᠤᠰᠤ ᠬᠥᠷᠥᠰᠥ ᠶᠢ ᠬᠠᠮᠠᠭᠠᠯᠠᠬᠤ᠂ ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠵᠠᠰᠠᠬᠤ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠬᠤ︾ ᠡᠭᠦᠷᠭᠡ ᠬᠠᠷᠢᠭᠤᠴᠠᠯᠭ᠎ᠠ ᠶᠢ ᠲᠤᠤᠱᠯᠠᠭᠤᠯᠪᠠ᠃      ︵ᠠᠷᠪᠠᠨ ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃      ᠳᠣᠲᠣᠭᠠᠳᠤ ᠶᠢᠨ ᠪᠠᠶᠢᠭᠤᠯᠤᠮᠵᠢ᠄      ᠰᠢᠩ ᠾᠧ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠣᠯ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠠᠰ᠂ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠴᠤᠪᠤᠷᠠᠯ ᠢ ᠵᠢᠭᠰᠠᠭᠠᠨ᠎ᠠ᠃      ᠨᠢᠭᠡ᠂ ᠳᠣᠲᠣᠭᠠᠳᠤ ᠳᠤ᠄      1. ᠶᠡᠷᠦᠩᠬᠡᠢ ᠠᠯᠪᠠᠨ ᠭᠡᠷ      2 . ᠲᠠᠷᠢᠶᠠᠯᠠᠩ ᠠᠯ ᠠᠵᠤ ᠠᠬᠤᠢ ᠶᠢᠨ ᠤᠰᠤᠨ ᠠᠱᠢᠭᠯᠠᠯᠲᠠ ᠶᠢᠨ ᠲᠠᠰᠤᠭ      3 . ᠤᠰᠤᠨ ᠤ ᠶᠠᠪᠤᠳᠠᠯ ᠤᠰᠤᠨ ᠤ ᠡᠬᠢ ᠪᠠᠶᠠᠯᠢᠭ ᠤᠨ ᠲᠠᠰᠤᠭ      4 . ᠭᠤᠤᠯ ᠮᠦᠷᠡᠨ ᠨᠠᠭᠤᠷ ᠴᠦᠬᠦᠷᠦᠮ ᠢ ᠬᠠᠮᠢᠶᠠᠷᠬᠤ ᠪᠠ ᠤᠰᠤ ᠭᠠᠩ ᠤᠨ ᠭᠠᠮᠰᠢᠭ ᠢ ᠰᠡᠷᠬᠡᠶᠢᠯᠡᠬᠦ ᠲᠠᠰᠤᠭ      ᠬᠤᠶᠠᠷ᠂ ᠬᠠᠷᠢᠶ᠎ᠠ ᠪᠠᠶᠢᠭᠤᠯᠤᠮᠵᠢ᠄      5 . ᠣᠰᠣᠠ ᠠᠰᠢᠬᠯᠠᠯᠲᠠ ᠶᠢᠨ ᠣᠢᠢᠯᠠᠰ ᠤᠨ ᠬᠦᠢᠭᠵᠢᠯᠲᠠ ᠶᠢᠨ ᠳᠦᠪ      6 . ᠤᠰᠤ ᠱᠢᠷᠣᠢ ᠬᠠᠮᠠᠭᠠᠯᠠᠬᠤ ᠠᠵᠢᠯ ᠤᠨ ᠥᠷᠲᠡᠭᠡ      7 . ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠦᠢᠯᠡᠴᠢᠯᠡᠭᠡᠨ ᠤ ᠥᠷᠲᠡᠭᠡ      8 . ᠤᠰᠤᠨ ᠠᠰᠢᠭᠯᠠᠯᠳᠠ ᠶᠢᠨ ᠮᠡᠷᠭᠡᠵᠢᠯ ᠢ ᠳᠡᠯᠭᠡᠷᠡᠬᠦᠯᠬᠦ ᠦᠷᠳᠡᠭᠡ      ᠤᠲᠠᠰᠤ᠄ 0474 - 7212447      ᠬᠠᠶ᠋ᠢᠭ᠄ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠨᠢᠭᠡᠳᠦᠭᠡᠷ ᠵᠠᠰᠠᠮᠠᠯ ᠵᠠᠮ ᠤᠨ ᠤᠰᠤᠨ ᠠᠰᠢᠭᠯᠠᠯᠲᠠ ᠶᠢᠨ ᠲᠣᠪᠴᠢᠶ᠎ᠠ      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3