ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠣᠯ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ | ᠡᡁᠧ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠢᠴᠢ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠵᠣᠯᠭᠠᠭᠤᠯᠤᠨ᠎ᠠ᠃ | ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠬᠠᠮᠢᠶ᠎ᠠ ᠪᠦᠬᠦᠢ ᠵᠣᠬᠢᠶᠠᠨ ᠪᠠᠶᠢᠭᠤᠯᠬᠤ ᠪᠠ | ᠵᠣᠬᠢᠴᠠᠭᠤᠯᠬᠤ ᠠᠵᠢᠯ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢᠨ ᠬᠠᠤᠯᠢ ᠳᠦᠷᠢᠮ ᠢ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ︵ᠬᠤᠶᠠᠷ︶ ᠪᠦᠬᠦ ᠰᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ | ᠲᠠᠯᠪᠢᠬᠤ ᠠᠵᠢᠯ ᠢ ᠬᠠᠷᠢᠭᠤᠴᠠᠨ᠎ᠠ᠃ | ︵ᠭᠤᠷᠪᠠ︶ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠠᠵᠢᠯ ᠢ | ᠬᠠᠷᠢᠭᠤᠴᠠᠨ᠎ᠠ᠃ | ︵ᠲᠦᠷᠪᠡ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ | ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ᠂ ᠪᠦᠬᠦ | ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠣᠨ ᠤ ᠲᠥᠯᠥᠪᠯᠡᠭᠡ ᠪᠣᠯᠤᠨ ᠬᠥᠭᠵᠢᠯᠲᠡ ᠶᠢᠨ | ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ | ᠬᠡᠷᠡᠭᠵᠢᠭᠦᠯᠦᠨ᠎ᠡ᠃ | ︵ᠲᠠᠪᠤ︶ ᠪᠦᠬᠦ ᠰᠢᠶᠠᠨ ᠤ ᠬᠠᠤᠯᠢᠴᠢ ᠶᠢ ᠬᠠᠮᠢᠶᠠᠷᠤᠨ ᠵᠢᠯᠣᠭᠤᠳᠴᠤ᠂ ᠨᠡᠶᠢᠭᠡᠮ ᠤᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠪᠠᠶᠢᠭᠤᠯᠤᠮᠵᠢ ᠵᠢᠴᠢ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃ | ︵ᠵᠢᠷᠭᠤᠭ᠎ᠠ︶ ᠪᠦᠬᠦ ᠰᠢᠶᠠᠨ ᠤ ᠠᠯᠪᠠᠨ ᠭᠡᠷᠡᠴᠢᠯᠡᠭᠡ ᠶᠢᠨ ᠠᠵᠢᠯ ᠢ ᠬᠠᠮᠢᠶᠠᠷᠴᠤ ᠵᠢᠯᠣᠭᠤᠳᠤᠨ᠎ᠠ᠃ | ︵ᠳᠤᠯᠤᠭ᠎ᠠ︶ ᠪᠦᠬᠦ ᠰᠢᠶᠠᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢ | ᠬᠠᠮᠢᠶᠠᠷᠬᠤ ᠪᠠ ᠵᠢᠯᠣᠭᠤᠳᠤᠨ᠎ᠠ᠃ | ︵ᠨᠠᠢᠮᠠ︶ ᠪᠦᠬᠦ ᠰᠢᠶᠠᠨ ᠤ ᠬᠠᠤᠯᠢ ᠪᠠᠷ ᠵᠠᠰᠠᠬᠤ ᠶᠢ ᠤᠬᠠᠭᠤᠯᠬᠤ ᠪᠠ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠪᠠᠶᠢᠴᠠᠭᠠᠵᠤ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠠᠵᠢᠯ ᠲᠦᠷᠦᠯ ᠤᠨ ᠬᠠᠤᠯᠢ ᠲᠦᠭᠡᠮᠡᠯᠵᠢᠭᠦᠯᠬᠦ | ᠬᠠᠤᠯᠢ ᠪᠠᠷ ᠵᠠᠰᠠᠬᠤ ᠠᠵᠢᠯ ᠢ ᠵᠢᠯᠣᠭᠤᠳᠤᠨ᠎ᠠ᠃ | ︵ᠳᠤᠯᠤᠭ᠎ᠠ︶ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠠᠤᠯᠢ | ᠲᠣᠭᠲᠠᠭᠠᠯ᠂ ᠳᠦᠷᠢᠮ ᠲᠣᠭᠲᠠᠭᠠᠯ ᠢ ᠲᠤᠭᠤᠷᠪᠢᠬᠤ᠂ ᠡᠮᠬᠢᠯᠡᠬᠦ᠂ ᠬᠠᠷᠢᠭᠤ ᠮᠡᠳᠡᠭᠦᠯᠬᠦ ᠠᠵᠢᠯ ᠳᠤ ᠣᠷᠣᠯᠴᠠᠪᠠ︔ | ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠠᠵᠢᠯ ᠢ ᠵᠢᠯᠣᠭᠤᠳᠤᠨ᠎ᠠ᠃ | ︵ᠨᠠᠢᠮᠠ︶ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠺᠠᠳ᠋ᠷ | ᠴᠠᠭᠳᠠᠭ᠎ᠠ ᠶᠢᠨ ᠡᠩᠨᠡᠭᠡᠨ ᠤ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠬᠠᠮᠢᠶᠠᠷᠤᠨ᠎ᠠ᠃ | ︵ᠶᠢᠰᠦ︶ ᠪᠦᠬᠦ ᠰᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠬᠠᠮᠢᠶᠠᠷᠤᠨ ᠵᠢᠯᠣᠭᠤᠳᠤᠨ᠎ᠠ᠃ | | ︵ᠠᠷᠪᠠ︶ ᠪᠦᠬᠦ ᠰᠢᠶᠠᠨ ᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠰᠢᠶᠠᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠠᠤᠯᠢ ᠴᠠᠭᠠᠵᠠ ᠶᠢᠨ | ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠴᠢᠯᠠᠨ ᠡᠷᠬᠢᠯᠡᠨ᠎ᠡ᠃ | ᠳᠣᠲᠣᠭᠠᠳᠤ ᠶᠢᠨ ᠪᠠᠶᠢᠭᠤᠯᠤᠮᠵᠢ᠄ | ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠣᠤᠷ᠎ᠠ ᠪᠥᠬᠦ ᠲᠠᠯ᠎ᠠ ᠪᠠᠷ ᠬᠠᠤᠯᠢ ᠪᠠᠷ | ᠰᠢᠶᠠᠨ ᠢ ᠵᠠᠰᠠᠬᠤ ᠠᠯᠪᠠᠨ ᠬᠡᠷ ᠤᠨ ᠨᠠᠷᠢᠨ ᠪᠢᠴᠢᠭ ᠤᠨ ᠲᠠᠰᠤᠭ ᠪᠠᠶᠢᠭᠤᠯᠵᠤ᠂ ᠳᠣᠲᠣᠭᠠᠳᠤ ᠳᠠᠭᠠᠨ ᠠᠯᠪᠠᠨ ᠬᠡᠷ ︵ | ᠮᠡᠳᠡᠭᠡ ᠵᠠᠩᠭᠢ ᠶᠢᠨ ᠲᠥᠪ︶᠂ ᠬᠠᠤᠯᠢ ᠲᠦᠭᠡᠮᠡᠯᠵᠢᠭᠦᠯᠵᠦ ᠬᠠᠤᠯᠢ ᠶᠣᠰᠣᠭᠠᠷ ᠵᠠᠰᠠᠬᠤ ︵ᠬᠠᠤᠯᠢ ᠲᠦᠭᠡᠮᠡᠯᠵᠢᠭᠦᠯᠬᠦ | ᠬᠠᠤᠯᠢ ᠪᠠᠷ ᠵᠠᠰᠠᠬᠤ ᠠᠯᠪᠠᠨ ᠬᠡᠷ ᠤᠨ ᠫᠠᠶᠢᠰᠠ ᠡᠯᠭᠦᠬᠦ︶ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶᠠᠷᠤᠯᠲᠠ ᠶᠢᠨ | ᠲᠠᠰᠤᠭ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠵᠤ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠨᠢᠭᠡᠳᠦᠭᠡᠷ ᠲᠠᠰᠤᠭ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠶᠠᠳᠤᠭᠠᠷ ᠲᠠᠰᠤᠭ | ᠵᠡᠷᠭᠡ ᠲᠠᠰᠤᠭ ᠤᠨ ᠬᠡᠪ ᠪᠠᠷᠢᠮᠵᠢᠶ᠎ᠠ ᠨᠢ ᠴᠥᠮ ᠲᠠᠰᠤᠭ ᠤᠨ ᠲᠠᠰ ᠤᠨ ᠪᠠᠶᠢᠵᠤ᠂ ᠲᠡᠭᠦᠨ ᠤ ᠭᠤᠤᠯ ᠡᠭᠦᠷᠭᠡ | ᠴᠢᠳᠠᠪᠤᠷᠢ ᠨᠢ ᠲᠣᠰ ᠲᠣᠰ᠄ | ︵ᠨᠢᠭᠡ︶ ᠰᠢᠶᠠᠨ ᠤ ᠨᠠᠮ ᠤᠨ ᠬᠤᠷᠢᠶᠠᠨ ᠤ ᠬᠠᠤᠯᠢ ᠪᠠᠷ ᠰᠢᠶᠠᠨ ᠢ ᠵᠠᠰᠠᠬᠤ ᠠᠯᠪᠠᠨ ᠭᠡᠷ ᠤᠨ ᠨᠠᠷᠢᠨ | ᠪᠢᠴᠢᠭ ᠤᠨ ᠲᠠᠰᠤᠭ | ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠡᠷᠬᠢᠯᠡᠭᠴᠢ᠂ ᠡᠯ᠎ᠡ ᠳᠡᠳ᠋ ᠡᠷᠬᠢᠯᠡᠭᠴᠢ ᠶᠢᠨ | ᠨᠠᠷᠢᠨ ᠪᠢᠴᠢᠭᠡᠴᠢ ᠶᠢᠨ ᠠᠵᠢᠯ ᠢ ᠬᠠᠷᠢᠭᠤᠴᠠᠵᠤ᠂ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠢᠴᠢ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠶᠢ ᠰᠢᠮᠳᠠᠭᠤᠯᠤᠨ | ᠪᠠᠶᠢᠴᠠᠭᠠᠬᠤ ᠪᠠ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠦᠬᠦ ᠲᠠᠯ᠎ᠠ ᠪᠠᠷ ᠬᠠᠤᠯᠢ ᠪᠠᠷ | ᠰᠢᠶᠠᠨ ᠢ ᠵᠠᠰᠠᠬᠤ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠪᠢᠴᠢᠭ | ᠮᠠᠲ᠋ᠧᠷᠢᠶᠠᠯ᠂ ᠮᠠᠲ᠋ᠧᠷᠢᠶᠠᠯ ᠢ ᠲᠤᠭᠤᠷᠪᠢᠨ ᠪᠢᠴᠢᠨ᠎ᠡ᠃ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠤᠯᠢ ᠪᠠᠷ ᠵᠠᠰᠠᠬᠤ᠂ ᠬᠠᠤᠯᠢ ᠴᠠᠭᠠᠵᠠ ᠶᠢᠨ | ᠤᠶᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠪᠠ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠵᠡᠷᠭᠡ ᠠᠵᠢᠯ ᠢ ᠵᠣᠬᠢᠴᠠᠭᠤᠯᠤᠨ᠎ᠠ᠃ | ︵ᠬᠤᠶᠠᠷ︶ ᠠᠯᠪᠠᠨ ᠭᠡᠷ | ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠣᠨ ᠤ ᠲᠥᠯᠥᠪᠯᠡᠭᠡ ᠪᠣᠯᠤᠨ | ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠲᠣᠪᠴᠢᠶ᠎ᠠ ᠶᠢᠨ | ᠤᠳᠤᠷᠢᠳᠤᠯᠭ᠎ᠠ ᠶᠢ ᠬᠠᠪᠰᠤᠷᠤᠨ ᠪᠠᠶᠢᠭᠤᠯᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠤᠷᠢᠯᠡᠵᠤ᠂ | ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯ ᠢ ᠵᠣᠬᠢᠴᠠᠭᠤᠯᠤᠨ᠎ᠠ᠃ ᠲᠣᠪᠴᠢᠶ᠎ᠠ ᠶᠢᠨ ᠶᠠᠪᠤᠳᠠᠯ ᠤᠨ | ᠬᠤᠷᠠᠯ ᠤᠨ ᠵᠣᠬᠢᠶᠠᠨ ᠪᠠᠶᠢᠭᠤᠯᠬᠤ᠂ ᠪᠢᠴᠢᠭ ᠮᠠᠲ᠋ᠧᠷᠢᠶᠠᠯ ᠲᠤᠭᠤᠷᠪᠢᠬᠤ ᠪᠠ ᠪᠠᠶᠢᠭᠤᠯᠭ᠎ᠠ ᠶᠢᠨ ᠨᠠᠷᠢᠨ ᠪᠢᠴᠢᠭ᠂ | ᠲᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠵᠠᠬᠢᠳᠠᠯ ᠰᠤᠷᠪᠤᠯᠵᠢᠯᠠᠭ᠎ᠠ᠂ ᠠᠮᠤᠷ ᠢ ᠬᠠᠮᠠᠭᠠᠯᠠᠬᠤ ᠠᠵᠢᠯ ᠢ | ᠬᠠᠷᠢᠭᠤᠴᠠᠵᠤ᠂ ᠰᠢᠰᠲ᠋ᠧᠮ ᠤᠨ ᠳᠣᠲᠣᠷᠠᠬᠢ ᠡᠳ᠋ ᠤᠨ ᠶᠠᠪᠤᠳᠠᠯ ᠤᠨ ᠲᠣᠨᠤᠭ ᠲᠥᠬᠦᠭᠡᠷᠦᠮᠵᠢ ᠶᠢ ᠬᠢᠨᠠᠨ ᠪᠤᠳᠤᠬᠤ | ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠲᠣᠪᠴᠢᠶ᠎ᠠ ᠶᠢᠨ ᠮᠡᠳᠡᠭᠡ ᠵᠠᠩᠭᠢ ᠶᠢᠨ ᠲᠥᠪ ᠠᠯᠪᠠᠨ ᠬᠡᠷ | ᠲᠦᠰᠢᠵᠦ᠂ ᠬᠠᠤᠯᠢ ᠴᠠᠭᠠᠵᠠ ᠶᠢᠨ ᠲᠣᠪᠴᠢᠶ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠢᠨᠠᠨ | ᠬᠠᠷᠭᠤᠭᠤᠯᠬᠤ᠂ ᠮᠡᠳᠡᠭᠦᠯᠦᠨ ᠬᠦᠷᠭᠡᠬᠦ᠂ ᠳᠠᠩᠰᠠᠯᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ | ︵ᠭᠤᠷᠪᠠ︶ ᠬᠠᠤᠯᠢ ᠲᠦᠭᠡᠮᠡᠯᠵᠢᠭᠦᠯᠬᠦ ᠬᠠᠤᠯᠢ ᠪᠠᠷ ᠵᠠᠰᠠᠬᠤ ᠲᠠᠰᠤᠭ | ᠪᠦᠬᠦ ᠰᠢᠶᠠᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠵᠣᠬᠢᠴᠠᠭᠤᠯᠤᠨ ᠵᠢᠯᠣᠭᠤᠳᠬᠤ ᠠᠵᠢᠯ ᠢ | ᠬᠠᠷᠢᠭᠤᠴᠠᠨ᠎ᠠ᠃ ᠨᠡᠶᠢᠭᠡᠮ ᠨᠡᠶᠢᠲᠡ ᠶᠢᠨ ᠳᠤᠮᠳᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠠᠵᠢᠯ | ᠲᠦᠷᠦᠯ ᠤᠨ ᠬᠠᠤᠯᠢ ᠶᠣᠰᠣᠭᠠᠷ ᠵᠠᠰᠠᠬᠤ ᠠᠵᠢᠯ ᠢ ᠵᠢᠯᠣᠭᠤᠳᠤᠨ᠎ᠠ᠃ ᠰᠢᠶᠠᠨ ᠤ ᠨᠠᠮ ᠤᠨ ᠬᠤᠷᠢᠶᠠᠨ ᠤ ᠬᠠᠤᠯᠢ ᠪᠠᠷ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ᠃ | ︵ᠲᠦᠷᠪᠡ︶ ᠨᠡᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ | ᠪᠦᠬᠦ ᠰᠢᠶᠠᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ | ᠬᠠᠷᠢᠭᠤᠴᠠᠨ᠎ᠠ᠃ ᠪᠦᠬᠦ ᠰᠢᠶᠠᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠵᠢᠴᠢ ᠳᠦᠷᠢᠮ | ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ | ᠪᠠᠶᠢᠴᠠᠭᠠᠨ᠎ᠠ︔ ᠪᠦᠬᠦ ᠰᠢᠶᠠᠨ ᠤ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠠᠷᠠᠳ ᠤᠨ ᠡᠶᠡᠳᠡᠭᠦᠯᠭᠡ᠂ | ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠵᠠᠰᠠᠬᠤ ᠪᠠ ︽148︾ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯ ᠢ ᠬᠠᠮᠢᠶᠠᠷᠤᠨ ᠵᠢᠯᠣᠭᠤᠳᠤᠨ᠎ᠠ᠃ ᠪᠦᠬᠦ ᠰᠢᠶᠠᠨ ᠤ ᠬᠠᠤᠯᠢ ᠴᠠᠭᠠᠵᠠ ᠶᠢᠨ ᠲᠤᠰᠠᠯᠠᠭᠴᠢ ᠪᠠ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠳᠠᠨ ᠤ ᠠᠵᠢᠯ ᠡᠷᠬᠢᠯᠡᠬᠦ ᠬᠢᠷᠢ ᠬᠡᠮ ᠤᠨ | ᠰᠢᠯᠭᠠᠯᠲᠠ ᠶᠢᠨ ᠰᠢᠯᠭᠠᠯᠲᠠ ᠶᠢᠨ ᠶᠠᠪᠤᠳᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ᠂ ᠡᠷᠡᠭᠦᠦ ᠶᠢᠨ | ᠰᠤᠯᠠᠯᠠᠬᠤ ᠵᠢᠭᠠᠨ ᠰᠤᠷᠭᠠᠬᠤ ᠬᠥᠮᠦᠰ ᠢ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ᠎ᠠ᠃ | ︵ᠲᠠᠪᠤ︶ ᠨᠡᠢᠭᠡᠮ ᠲᠣᠭᠤᠷᠢᠭ ᠤᠨ ᠵᠠᠰᠠᠯᠲᠠ ᠶᠢᠨ ᠬᠠᠮᠢᠶᠠᠷᠤᠯᠲᠠ ᠶᠢᠨ ᠲᠠᠰᠤᠭ | ᠪᠥᠬᠦ ᠰᠢᠶᠠᠨ ᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠷᠢᠭᠤᠴᠠᠨ᠎ᠠ︔ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ᠂ ᠲᠣᠭᠲᠠᠭᠠᠯ ᠪᠠ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ | ᠨᠡᠶᠢᠭᠡᠮ ᠲᠣᠭᠤᠷᠢᠭ ᠤᠨ ᠡᠷᠡᠭᠦᠤ ᠰᠢᠢᠳᠬᠡᠯ ᠭᠦᠢᠴᠡᠳᠬᠡᠵᠦ ᠪᠠᠶᠢᠭ᠎ᠠ ᠬᠥᠮᠦᠰ ᠢ ᠬᠢᠨᠠᠨ ᠰᠢᠯᠭᠠᠵᠤ ᠱᠠᠩᠨᠠᠵᠤ | ᠲᠣᠷᠭᠠᠬᠤ ᠠᠵᠢᠯ ᠢ ᠵᠢᠯᠣᠭᠤᠳᠤᠨ᠎ᠠ︔ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠩᠨᠡᠭᠡᠨ ᠤ ᠪᠠᠶᠢᠭᠤᠯᠤᠯᠲᠠ ᠶᠢ | ᠵᠢᠯᠣᠭᠤᠳᠤᠨ᠎ᠠ︔ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠬᠤ ᠪᠠ ᠬᠥᠳᠡᠯᠮᠦᠷᠢ ᠪᠠᠷ ᠵᠠᠰᠠᠨ | ᠬᠥᠮᠥᠵᠢᠭᠦᠯᠬᠦ ᠠᠴᠠ ᠭᠠᠷᠤᠭᠰᠠᠳ ᠢ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ | ᠲᠠᠰᠤᠭ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠵᠤ ᠬᠢᠨᠠᠯᠲᠠ ᠲᠠᠯᠪᠢᠬᠤ | ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠵᠢᠯᠣᠭᠤᠳᠬᠤ᠂ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ | ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠴᠢᠩᠭ᠎ᠠ ᠵᠢᠷᠤᠮᠵᠢᠭᠤᠨ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ | ᠲᠠᠰᠤᠯᠤᠨ ᠲᠣᠭᠲᠠᠭᠠᠬᠤ ᠠᠵᠢᠯ ᠢ ᠵᠢᠯᠣᠭᠤᠳᠤᠨ᠎ᠠ᠃ | ︵ᠳᠤᠯᠤᠭ᠎ᠠ︶ ᠵᠠᠰᠠᠭ ᠵᠠᠬᠢᠷᠭᠠᠨ ᠤ ᠳᠠᠬᠢᠨ ᠶᠠᠷᠢᠯᠴᠠᠬᠤ ᠲᠠᠰᠤᠭ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠲᠠ ᠪᠣᠯᠤᠨ ᠱᠢᠶᠠᠩ ᠤ ᠵᠠᠰᠠᠭ ᠵᠠᠬᠢᠷᠭᠠᠨ ᠤ ᠳᠠᠬᠢᠨ | ᠵᠥᠪᠯᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠢᠳᠠᠪᠤᠷᠢᠵᠢᠭᠤᠯᠬᠤ ᠶᠢ ᠬᠠᠷᠢᠭᠤᠴᠠᠵᠤ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠳᠦᠷᠢᠮ ᠤᠨ ᠲᠣᠭᠲᠠᠴᠠ ᠶᠢ ᠪᠠᠢᠭᠤᠯᠤᠨ | ᠲᠡᠭᠦᠯᠳᠡᠷᠵᠢᠭᠦᠯᠦᠨ᠎ᠡ᠃ | ︵ᠨᠠᠢᠮᠠ︶ ᠵᠠᠰᠠᠭ ᠵᠠᠬᠢᠷᠭᠠᠨ ᠤ ᠳᠠᠬᠢᠨ ᠶᠠᠷᠢᠯᠴᠠᠬᠤ ᠬᠤᠶᠠᠳᠤᠭᠠᠷ ᠲᠠᠰᠤᠭ | ᠭᠤᠶᠤᠴᠢᠯᠠᠭᠳᠠᠭᠴᠢ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠲᠣᠮᠢᠯᠠᠭᠰᠠᠨ | ᠪᠠᠶᠢᠭᠤᠯᠤᠮᠵᠢ᠂ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠤᠨ ᠬᠠᠮᠢᠶᠠᠷᠴᠤ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠬᠡᠷᠡᠭ ᠢ ᠬᠠᠷᠢᠭᠤᠴᠠᠨ ᠰᠢᠢᠳᠪᠤᠷᠢᠯᠡᠵᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠵᠠᠬᠢᠳᠠᠯ | ᠰᠤᠷᠪᠤᠯᠵᠢᠯᠠᠯ᠂ ᠵᠠᠭᠠᠯᠳᠤᠯᠭ᠎ᠠ ᠶᠢᠨ ᠬᠡᠷᠡᠭ ᠢ ᠰᠢᠢᠳᠪᠤᠷᠢᠯᠡᠵᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ | ᠳᠠᠮᠵᠢᠭᠰᠠᠨ ᠵᠠᠷᠭᠤ ᠬᠦᠯᠢᠶᠡᠭᠰᠡᠨ ᠬᠡᠷᠡᠭ ᠤᠨ ᠬᠠᠷᠢᠭᠤ ᠮᠠᠷᠭᠤᠬᠤ ᠭᠡᠷᠡᠴᠢ ᠪᠠ ᠰᠢᠭᠦᠯᠲᠡ ᠳᠤ ᠣᠷᠣᠯᠴᠠᠨ ᠵᠠᠷᠭᠤ | ᠬᠦᠯᠢᠶᠡᠬᠦ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠳᠤ ᠬᠢᠨᠠᠯᠲᠠ ᠲᠠᠯᠪᠢᠬᠤ ᠬᠡᠷᠡᠭ ᠢ | ᠬᠠᠷᠢᠭᠤᠴᠠᠨ ᠰᠢᠢᠳᠪᠤᠷᠢᠯᠡᠨ᠎ᠡ᠃ | ᠪᠠᠶᠢᠭᠤᠯᠭ᠎ᠠ ᠶᠢᠨ ᠬᠠᠷᠢᠭᠤᠴᠠᠯᠭᠠᠲᠠᠨ᠄ ᠵᠠᠩ ᠰᠢᠶᠤᠤ ᠬᠤᠩ | ᠬᠠᠷᠢᠯᠴᠠᠬᠤ ᠤᠲᠠᠰᠤ᠄ 0474 - 7210148 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - | 18᠄ 00 | ᠠᠵᠢᠯᠯᠠᠬᠤ ᠭᠠᠵᠠᠷ᠄ ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠯᠠᠬᠤ ᠭᠠᠵᠠᠷ | ᠰᠢᠩ ᠾᠧ ᠳᠤ ᠪᠠᠶᠢᠷᠢᠯᠠᠨ᠎ᠠ᠃ | |