ᠰᠢᠩ ᠾᠧ ᠰᠢᠶᠠᠨ ᠤ ᠠᠷᠠᠳ ᠤᠨ ᠶᠠᠪᠤᠳᠠᠯ ᠤᠨ  ᠲᠤᠪᠴᠢᠶ᠎ᠡ
ᠨᠡᠶᠢᠲᠡᠯᠡᠭᠰᠡᠨ ᠴᠠᠭ᠄
2025/3/30
     ᠰᠢᠩ ᠾᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠢᠩ ᠾᠧ ᠰᠢᠶᠠᠨ ᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠥᠪ ᠤᠨ ᠭᠤᠷᠪᠠᠳᠤᠭᠠᠷ ᠳᠠᠪᠬᠤᠷ ᠲᠤ ᠪᠠᠶᠢᠷᠢᠯᠠᠵᠤ᠂ 1500 ᠭᠠᠷᠤᠶ ᠲᠡᠭᠰᠢ ᠳᠥᠷᠪᠡᠯᠵᠢᠨ ᠮᠧᠳ᠋ᠷ ᠲᠠᠯᠠᠪᠠᠢ ᠲᠠᠢ᠂ ᠣᠲᠣ 56 ᠠᠵᠢᠯᠲᠠᠨ ᠲᠠᠢ᠂ 23 ᠠᠵᠢᠯ ᠠᠴᠠ ᠪᠠᠨ ᠠᠮᠠᠷᠠᠭᠰᠠᠨ ᠠᠵᠢᠯᠲᠠᠨ ᠪᠣᠶ︔ ᠨᠠᠮ ᠤᠨ ᠭᠡᠰᠢᠭᠦᠨ 42 ᠬᠥᠮᠦᠨ᠂ ᠨᠠᠮ ᠤᠨ ᠶᠡᠷᠦᠩᠬᠡᠶ ᠡᠭᠦᠷ ᠤᠨ ᠳᠣᠤᠷ᠎ᠠ ᠨᠢ 2 ᠨᠠᠮ ᠤᠨ ᠡᠭᠦᠷ ᠪᠣᠶ᠃ ᠬᠤᠯᠪᠣᠭᠳᠠᠬᠤ ᠠᠵᠢᠯ ᠨᠢ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠬᠠᠷᠠᠭᠠᠯᠵᠠᠯ ᠦᠵᠡᠭᠦᠯᠬᠦ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠭᠠᠮᠰᠢᠭ ᠠᠴᠠ ᠠᠪᠤᠷᠠᠨ ᠲᠤᠰᠠᠯᠠᠬᠤ᠂ ᠨᠡᠶᠢᠭᠡᠮ ᠤᠨ ᠲᠤᠰᠠᠯᠠᠮᠵᠢ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠠᠰᠤᠵᠢᠯ᠂ ᠨᠡᠶᠢᠭᠡᠮ ᠤᠨ ᠠᠰᠠᠷᠠᠮᠵᠢ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠳᠠᠩᠰᠠᠯᠠᠬᠤ᠂ ᠣᠷᠤᠭ ᠳᠠᠩᠰᠠᠯᠠᠬᠤ᠂ ᠣᠷᠣᠰᠢᠭᠤᠯᠭ᠎ᠠ ᠶᠢᠨ ᠥᠭᠡᠷᠡᠴᠢᠯᠡᠯᠲᠡ᠂ ᠠᠪᠤᠷᠠᠨ ᠲᠤᠰᠠᠯᠠᠬᠤ ᠬᠠᠮᠢᠶᠠᠷᠤᠯᠲᠠ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠵᠡᠷᠭᠡ ᠣᠯᠠᠨ ᠵᠦᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ᠃ ᠳᠣᠲᠣᠷ᠎ᠠ ᠨᠢ 14 ᠲᠠᠰᠤᠭ ᠭᠠᠷᠭᠠᠵᠤ᠂ ᠲᠣᠰ ᠲᠣᠰ ᠠᠯᠪᠠᠨ ᠭᠡᠷ᠂ ᠡᠳ᠋ ᠤᠨ ᠶᠠᠪᠤᠳᠠᠯ ᠤᠨ ᠲᠠᠰᠤᠭ᠂ ᠬᠠᠷᠠᠭᠠᠯᠵᠠᠵᠤ ᠲᠥᠪᠬᠢᠨᠡᠭᠦᠯᠬᠦ ᠠᠯᠪᠠᠨ ᠭᠡᠷ᠂ ᠬᠤᠶᠠᠷ ᠢ ᠬᠦᠷᠢᠶᠡᠯᠡᠬᠦ ᠠᠯᠪᠠᠨ ᠭᠡᠷ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠯᠪᠠᠨ ᠭᠡᠷ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠯᠪᠠᠨ ᠭᠡᠷ᠂ ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠯᠲᠠ᠂ ᠨᠡᠶᠢᠭᠡᠮ ᠤᠨ ᠲᠡᠳᠬᠦᠮᠵᠢ ᠶᠢᠨ ᠲᠠᠰᠤᠭ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠲᠠᠰᠤᠭ᠂ ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠂ ᠨᠠᠰᠤᠲᠠᠶᠢᠴᠤᠳ ᠤᠨ ᠠᠵᠢᠯ᠂ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ᠂ ᠣᠷᠤᠭ ᠳᠠᠩᠰᠠᠯᠠᠬᠤ ᠬᠠᠮᠢᠶᠠᠷᠤᠯᠲᠠ ᠶᠢᠨ ᠠᠯᠪᠠᠨ ᠭᠡᠷ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡ ᠵᠡᠷᠭᠡ ᠪᠤᠯᠤᠨ᠎ᠠ᠃      ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ ᠰᠢᠩ ᠾᠧ ᠰᠢᠶᠠᠨ ᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠥᠪ 8 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠥᠪ ᠤᠨ ᠭᠤᠷᠪᠠᠳᠤᠭᠠᠷ ᠳᠠᠪᠬᠤᠷᠯᠢᠭ ᠤᠨ ᠠᠰᠠᠷ ᠲᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠦᠢᠯᠡᠴᠢᠯᠡᠭᠡᠨ ᠤ ᠶᠡᠭᠡ ᠲᠢᠩᠬᠢᠮ ᠭᠠᠷᠭᠠᠵᠤ᠂ 1500 ᠭᠠᠷᠤᠶ ᠲᠡᠭᠰᠢ ᠳᠥᠷᠪᠡᠯᠵᠢᠨ ᠮᠧᠳ᠋ᠷ ᠭᠠᠵᠠᠷ ᠡᠵᠡᠯᠡᠨ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠦᠢᠯᠡᠴᠢᠯᠡᠭᠡᠨ ᠤ ᠶᠡᠭᠡ ᠲᠢᠩᠬᠢᠮ ᠨᠢ ᠳᠥᠷᠪᠡᠨ ᠴᠢᠳᠠᠮᠵᠢᠳᠤ ᠦᠢᠯᠡᠴᠢᠯᠡᠭᠡᠨ ᠤ ᠲᠣᠭᠤᠷᠢᠭ ᠬᠤᠪᠢᠶᠠᠨ᠎ᠠ᠄ ᠨᠢᠭᠡᠳᠦᠭᠡᠷ ᠴᠢᠳᠠᠮᠵᠢᠳᠤ ᠣᠷᠣᠨ ᠪᠣᠯ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠵᠢᠴᠢ ᠬᠦᠯᠢᠶᠡᠬᠦ ᠣᠷᠣᠨ ᠪᠣᠯᠤᠨ᠎ᠠ᠃ ᠬᠤᠶᠠᠳᠤᠭᠠᠷ ᠴᠢᠳᠠᠮᠵᠢᠳᠤ ᠣᠷᠣᠨ ᠪᠣᠯ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠠᠳᠡᠬᠢ ᠡᠮᠦᠨ᠎ᠡ ᠲᠠᠪᠴᠠᠩ ᠳᠤ 12 ᠦᠢᠯᠡᠴᠢᠯᠡᠭᠡᠨ ᠤ ᠲᠠᠪᠴᠠᠩ ᠤᠨ ᠠᠷᠤ ᠲᠠᠪᠴᠠᠩ ᠳᠤ 12 ᠰᠲ᠋ᠣᠺ ᠤᠨ ᠳᠠᠷᠤᠭ᠎ᠠ ᠶᠢᠨ ᠠᠵᠢᠯᠯᠠᠬᠤ ᠲᠠᠪᠴᠠᠩ ᠭᠠᠷᠭᠠᠵᠤ᠂ ᠴᠢᠯᠥᠭᠡᠲᠡᠶ ᠠᠵᠢᠯᠯᠠᠵᠤ᠂ ᠣᠯᠠᠨ ᠲᠦᠮᠡᠨ ᠳᠤ ᠨᠢᠭᠡ ᠥᠷᠲᠡᠭᠡ ᠮᠠᠶ᠋ᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ ᠪᠠᠶᠢᠨ᠎ᠠ᠃ ᠭᠤᠷᠪᠠᠳᠤᠭᠠᠷ ᠴᠢᠳᠠᠮᠵᠢᠲᠦ ᠣᠷᠣᠨ ᠪᠣᠯ ᠤᠷᠤᠭ ᠳᠠᠩᠰᠠᠯᠠᠬᠤ ᠦᠢᠯᠡᠴᠢᠯᠡᠭᠡᠨ ᠤ ᠭᠠᠵᠠᠷ ᠪᠣᠯᠤᠨ᠎ᠠ᠂ ᠤᠯᠤᠰ ᠤᠨ 3A ᠲᠠᠰ ᠤᠨ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠂ ᠡᠭᠦᠨ ᠳᠤ ᠤᠷᠤᠭ ᠤᠨ ᠶᠠᠪᠤᠳᠠᠯ ᠤᠨ ᠬᠠᠪᠰᠤᠷᠤᠨ ᠵᠢᠯᠣᠭᠤᠳᠬᠤ ᠲᠠᠰᠤᠭ᠂ ᠤᠷᠤᠭ ᠰᠠᠯᠬᠤ ᠶᠢᠨ ᠳᠠᠩᠰᠠᠯᠠᠬᠤ ᠲᠠᠰᠤᠭ᠂ ᠤᠷᠤᠭᠯᠠᠬᠤ ᠳᠠᠩᠰᠠᠯᠠᠯ ᠤᠨ ᠲᠣᠭᠤᠷᠢᠭ ᠲᠠᠢ᠂ ᠦᠨᠡᠮᠯᠡᠯ ᠣᠯᠭᠤᠬᠤ ᠲᠢᠩᠬᠢᠮ ᠲᠠᠢ᠃ ᠶᠡᠭᠡ ᠲᠢᠩᠬᠢᠮ ᠤᠨ ᠵᠡᠭᠦᠨ ᠪᠠᠷᠠᠭᠤᠨ ᠬᠡᠷᠡᠮ ᠳᠤ ᠳᠡᠯᠭᠡᠴᠡ ᠤᠭᠰᠠᠷᠠᠵᠤ᠂ ᠠᠷᠠᠳ ᠤᠨ ᠶᠠᠪᠤᠳᠠᠯ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠲᠣᠭᠲᠠᠭᠠᠯ᠂ ᠴᠤᠪᠤᠷᠠᠯ᠂ ᠨᠥᠬᠦᠴᠡᠯ ᠢ ᠨᠡᠪᠲᠡᠷᠡᠭᠦᠯᠵᠦ᠂ ᠶᠡᠭᠡ ᠲᠢᠩᠬᠢᠮ ᠳᠤ ᠨᠣᠮᠧᠷ ᠳᠠᠭᠤᠳᠠᠬᠤ ᠮᠠᠰᠢᠨ᠂ ᠲᠡᠮᠲᠡᠷᠢᠬᠦ ᠮᠠᠰᠢᠨ᠂ ᠤᠬᠠᠭᠤᠯᠬᠤ ᠪᠢᠴᠢᠭ ᠤᠨ ᠲᠠᠯᠪᠢᠭᠤᠷ ᠭᠠᠷᠭᠠᠵᠤ᠂ ᠪᠥᠬᠦ ᠵᠠᠰᠠᠭ ᠤᠨ ᠶᠠᠪᠤᠳᠠᠯ ᠢ ᠢᠯᠡ ᠪᠣᠯᠭᠠᠨ᠎ᠠ᠃ ᠤᠰᠤ ᠵᠠᠯᠠᠬᠤ ᠰᠠᠭᠤᠳᠠᠯ᠂ ᠤᠰᠤ ᠤᠤᠭᠤᠬᠤ ᠮᠠᠱᠢᠨ ᠪᠠᠢᠪᠠᠯ ᠪᠦᠷ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠪᠣᠯᠤᠨ᠎ᠠ᠃ ᠳᠥᠷᠪᠡᠳᠦᠭᠡᠷ ᠴᠢᠳᠠᠮᠵᠢᠲᠤ ᠣᠷᠣᠨ ᠪᠣᠯ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠵᠢᠴᠢ ᠠᠵᠢᠯᠯᠠᠬᠤ ᠲᠣᠭᠤᠷᠢᠭ ᠮᠥᠨ᠂ ᠰᠢᠩ ᠾᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠪᠥᠬᠦ ᠬᠤᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠱᠢᠶ᠎ᠡ ᠦᠵᠡᠭᠦᠯᠬᠦ ᠴᠡᠭ ᠮᠥᠨ᠂ ᠨᠠᠮ ᠤᠨ ᠪᠠᠶᠢᠭᠤᠯᠤᠯᠲᠠ ᠶᠢᠨ ᠲᠤᠰᠬᠠᠶ ᠯᠠᠩᠭᠦᠶ ᠶᠢ ᠳᠣᠭᠢᠷᠠᠭᠤᠯᠵᠤ᠂ ᠨᠠᠮ ᠤᠨ ᠪᠠᠶᠢᠭᠤᠯᠤᠯᠲᠠ ᠶᠢᠨ ᠲᠤᠰᠬᠠᠶ ᠯᠠᠩᠭᠦᠶ ᠶᠢ ᠳᠣᠭᠢᠷᠠᠭᠤᠯᠤᠨ᠂ ᠨᠠᠮ ᠤᠨ ᠭᠡᠰᠢᠭᠦᠨ ᠤ ᠰᠤᠷᠤᠯᠴᠠᠯᠭ᠎ᠠ᠂ ᠪᠣᠯᠪᠠᠰᠤᠷᠠᠭᠤᠯᠤᠯ᠂ ᠠᠵᠢᠯᠯᠠᠭ᠎ᠠ ᠶᠢᠨ ᠴᠢᠬᠤᠯᠠ ᠵᠢᠭᠰᠠᠭᠠᠯ ᠤᠨ ᠭᠠᠵᠠᠷ ᠪᠣᠯᠵᠣ᠂ ᠨᠠᠮ ᠵᠠᠰᠠᠭ ᠤᠨ ᠤᠳᠤᠷᠢᠳᠬᠤ ᠪᠠᠭ ᠤᠨ ᠬᠠᠮᠲᠤ ᠪᠠᠷ ᠬᠡᠷᠡᠭ ᠵᠥᠪᠯᠡᠬᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠲᠠᠯᠠᠪᠤᠷ ᠪᠣᠯᠤᠭᠰᠠᠨ ᠪᠠᠶᠢᠨ᠎ᠠ᠃ ᠦᠢᠯᠡᠴᠢᠯᠡᠭᠡᠨ ᠤ ᠶᠡᠭᠡ ᠲᠢᠩᠬᠢᠮ ᠤᠨ ᠬᠤᠩᠭᠢᠯ ᠳᠤ᠂ ᠠᠵᠢᠯ ᠤᠨ ᠪᠠᠶᠢᠷᠢ ᠶᠢᠨ ᠦᠢᠯᠡᠴᠢᠯᠡᠭᠡᠨ ᠤ ᠦᠢᠯᠡᠴᠢᠯᠡᠭᠡᠨ ᠤ ᠵᠢᠷᠤᠭ ᠤᠨ ᠬᠡᠪᠯᠡᠯ᠂ ᠠᠵᠢᠯ ᠤᠨ ᠳᠦᠷᠢᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠠᠶᠢᠯᠪᠤᠷᠢ ᠵᠢᠷᠤᠭ ᠢ ᠭᠠᠷᠭᠠᠵᠤ᠂ ᠪᠥᠬᠦ ᠠᠵᠢᠯᠲᠠᠨ ᠤ ᠣᠪᠣᠭ ᠨᠡᠷ᠎ᠡ᠂ ᠲᠤᠰᠢᠶᠠᠯ᠂ ᠬᠠᠷᠢᠯᠴᠠᠬᠤ ᠠᠷᠭ᠎ᠠ ᠮᠠᠶ᠋ᠢᠭ ᠢ ᠪᠦᠬᠦᠨ ᠢ ᠢᠯᠡ ᠪᠣᠯᠭᠠᠵᠤ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠬᠡᠷᠡᠭ ᠡᠷᠬᠢᠯᠡᠬᠦᠬᠦ ᠳᠤ ᠳᠥᠭᠦᠮ ᠦᠵᠡᠭᠦᠯᠦᠨ᠎ᠡ᠃ ᠢᠷᠠᠭᠤ ᠠᠯᠳᠠᠷ ᠤᠨ ᠰᠠᠮᠪᠠᠷ᠎ᠠ ᠳᠡᠭᠡᠷ᠎ᠡ᠂ ᠣᠶᠢᠷ᠎ᠠ ᠶᠢᠨ ᠵᠢᠯ ᠳᠤ ᠮᠠᠰᠢ ᠣᠯᠠᠨ ᠱᠠᠩᠨᠠᠯ ᠬᠥᠬᠢᠭᠦᠯᠦᠯ ᠲᠠᠢ ᠪᠠᠶᠢᠨ᠎ᠠ᠂ ᠡᠭᠦᠨ ᠳᠤ ᠠᠷᠪᠠ ᠭᠠᠷᠤᠶ ᠲᠠᠯ᠎ᠠ ᠶᠢᠨ ᠣᠯᠠᠨ ᠲᠦᠮᠡᠨ ᠤ ᠬᠦᠷᠭᠡᠵᠦ ᠢᠷᠡᠭᠰᠡᠨ ᠬᠡᠮᠡᠷᠯᠢᠭ ᠲᠤᠭ ᠪᠠᠶᠢᠨ᠎ᠠ᠃ ᠬᠤᠩᠭᠢᠯ ᠳᠤ᠂ ᠭᠠᠵᠠᠷ ᠪᠣᠯᠭᠠᠨ ᠳᠤ ᠤᠬᠠᠭᠤᠯᠭ᠎ᠠ ᠶᠢᠨ ᠵᠢᠷᠤᠭ ᠬᠡᠪᠯᠡᠯ ᠬᠠᠷᠠᠭᠳᠠᠨ᠎ᠠ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠶᠢᠨ ᠤᠶᠤᠨ ᠤ ᠪᠣᠯᠪᠠᠰᠤᠨ᠂ ᠰᠣᠶᠣᠯ ᠢᠷᠭᠡᠨᠰᠢᠯ ᠤᠨ ᠶᠣᠰᠣᠯᠠᠯ ᠵᠡᠷᠭᠡ ᠠᠭᠤᠯᠭ᠎ᠠ ᠲᠠᠢ ᠪᠠᠶᠢᠵᠤ᠂ ᠰᠢᠩ ᠾᠧ ᠠᠷᠠᠳ ᠤᠨ ᠶᠠᠪᠤᠳᠠᠯ ᠤᠨ ᠬᠤᠩᠭᠢᠯ ᠤᠨ ᠰᠣᠶᠣᠯ ᠢ ᠪᠦᠷᠢᠯᠳᠦᠭᠦᠯᠦᠭᠰᠡᠨ ᠪᠠᠶᠢᠨ᠎ᠠ᠃ ᠰᠢᠩ ᠡᡁᠧ ᠰᠢᠶᠠᠨ ᠤ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠠᠰᠢᠭᠯᠠᠯᠲᠠ ᠳᠤ ᠣᠷᠣᠭᠤᠯᠤᠭᠰᠠᠨ ᠨᠢ ᠰᠢᠩ ᠡᡁᠧ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠰᠢᠩ ᠡᡁᠧ ᠠᠷᠠᠳ ᠤᠨ ᠶᠠᠪᠤᠳᠠᠯ ᠤᠨ ᠰᠢᠨ᠎ᠡ ᠲᠦᠷᠢ ᠲᠥᠷᠬᠦ ᠶᠢ ᠳᠡᠭᠡᠭᠰᠢᠯᠡᠭᠦᠯᠬᠦ ᠨᠢ ᠯᠠᠪᠲᠠᠢ ᠶᠤᠮ᠃          ᠰᠢᠩ ᠾᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠪᠦᠬᠦ ᠰᠢᠶᠠᠨ ᠤ ᠨᠡᠶᠢᠭᠡᠮ ᠤᠨ ᠵᠠᠰᠠᠭ ᠵᠠᠬᠢᠷᠭᠠᠨ ᠤ ᠶᠠᠪᠤᠳᠠᠯ ᠢ ᠡᠷᠬᠢᠯᠡᠨ ᠬᠠᠮᠢᠶᠠᠷᠬᠤ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ᠎ᠠ᠃ ᠭᠤᠣᠯᠳᠠᠭᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ᠂ ᠨᠡᠶᠢᠭᠡᠮ ᠤᠨ ᠲᠤᠰᠠᠯᠠᠮᠵᠢ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠭᠠᠵᠠᠷ ᠤᠨ ᠨᠡᠷ᠎ᠡ ᠶᠢᠨ ᠬᠠᠮᠢᠶᠠᠷᠤᠯᠲᠠ᠂ ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠤᠭ ᠲᠠᠩᠰᠠᠯᠠᠯᠲᠠ᠂ ᠣᠷᠣᠰᠢᠭᠤᠯᠭ᠎ᠠ ᠶᠢᠨ ᠥᠭᠡᠷᠡᠴᠢᠯᠡᠯᠲᠡ ᠵᠡᠷᠭᠡ ᠤᠯᠠᠨ ᠵᠦᠢᠯ ᠤᠨ ᠨᠡᠶᠢᠭᠡᠮ ᠤᠨ ᠠᠵᠢᠯ ᠢ ᠬᠠᠷᠢᠭᠤᠴᠠᠨ᠎ᠠ᠃      ᠳᠣᠲᠣᠭᠠᠳᠤ ᠳᠠᠭᠠᠨ 6 ᠲᠠᠰᠤᠭ ᠭᠠᠷᠭᠠᠵᠤ᠂ ᠲᠣᠰ ᠲᠣᠰ ᠶᠡᠷᠦᠩᠬᠡᠶᠢᠯᠡᠭᠰᠡᠨ ᠠᠯᠪᠠᠨ ᠭᠡᠷ᠂ ᠨᠡᠶᠢᠭᠡᠮ ᠤᠨ ᠠᠪᠤᠷᠠᠨ ᠲᠤᠰᠠᠯᠠᠬᠤ ᠲᠠᠰᠤᠭ᠂ ᠨᠡᠶᠢᠭᠡᠮ ᠤᠨ ᠬᠡᠷᠡᠭ ᠶᠠᠪᠤᠳᠠᠯ ᠪᠠ ᠣᠷᠣᠨ ᠬᠤᠪᠢᠶᠠᠷᠢᠯᠠᠭᠰᠠᠨ ᠭᠠᠵᠠᠷ ᠤᠨ ᠨᠡᠷᠡᠶᠢᠳᠦᠯ ᠤᠨ ᠲᠠᠰᠤᠭ᠂ ᠦᠨᠳᠦᠰᠦᠨ ᠱᠠᠲᠤᠨ ᠤ ᠵᠠᠰᠠᠭ ᠤᠨ ᠡᠷᠬᠡ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠂ ᠨᠡᠶᠢᠭᠡᠮ ᠤᠨ ᠠᠰᠠᠷᠠᠮᠵᠢ ᠶᠢᠨ ᠲᠠᠰᠤᠭ᠂ ᠬᠢᠨᠠᠨ ᠵᠥᠪᠰᠢᠶᠡᠷᠡᠬᠦ ᠲᠠᠰᠤᠭ ᠪᠣᠯᠤᠨ᠎ᠠ᠃      ᠨᠢᠭᠡᠴᠡ ᠶᠢᠨ ᠬᠠᠷᠢᠭᠤᠴᠠᠯᠭᠠᠲᠠᠨ᠄ ᠸᠠᠩ ᠵᠢᠶᠠᠨ      ᠨᠢᠭᠡᠴᠡ ᠶᠢᠨ ᠬᠠᠶ᠋ᠢᠭ᠄ ᠴᠢᠶᠦ᠋ᠩ ᠰᠢᠩ ᠾᠧ ᠰᠢᠶᠠᠨ ᠤ ᠬᠤᠶᠢᠲᠤ ᠲᠣᠭᠤᠷᠢᠯ ᠵᠠᠮ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠤᠷᠪᠠᠳᠤᠭᠠᠷ ᠳᠠᠪᠬᠤᠷᠯᠢᠭ      ᠠᠯᠪᠠᠯᠠᠬᠤ ᠤᠲᠠᠰᠤ᠄ 0474 - 7212065      ᠰᠢᠦᠳᠠᠨ ᠨᠣᠮᠧᠷ᠄ 013650      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3